ᠪᠠᠶᠠᠨᠲᠠᠯ᠎ᠠ ᠰᠤᠮᠤ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/25
      ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠠᠮᠤᠷ ᠲᠦᠪᠰᠢᠨ ᠤ ᠰᠣᠶᠣᠯ ᠢ ᠰᠠᠨᠠᠭᠠᠴᠢᠯᠠᠵᠤ᠂ ᠪᠦᠬᠦ ᠨᠡᠶᠢᠭᠡᠮ ᠳᠤ ᠠᠮᠤᠷ ᠲᠦᠪᠰᠢᠨ ᠢᠶᠠᠷ ᠬᠥᠭᠵᠢᠭᠦᠯᠬᠦ ᠣᠶᠢᠯᠠᠭᠠᠭᠳᠠᠬᠤᠨ ᠢ ᠨᠢᠭᠲᠠᠷᠠᠭᠤᠯᠤᠨ ᠪᠠᠳᠠᠷᠠᠭᠤᠯᠵᠤ᠂ ᠥᠷᠭᠡᠨ ᠤᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 23  ᠤ ᠡᠳᠦᠷ᠂ ᠪᠠᠶᠠᠨᠲᠠᠯ᠎ᠠ ᠰᠤᠮᠤ ᠬᠢᠨ ᠠᠵᠢᠯᠲᠠᠳ ᠢᠶᠠᠨ ᠵᠣᠬᠢᠶᠠᠨ ᠪᠠᠶᠢᠭᠤᠯᠵᠤ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢ ᠲᠠᠶᠢᠯᠪᠤᠷᠢᠯᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢ ᠤᠬᠠᠭᠤᠯᠵᠤ᠂ ︽ᠠᠮᠤᠷ ᠲᠦᠪᠰᠢᠨ ᠢ ᠪᠠᠲᠤᠯᠠᠬᠤ ᠳᠤ ᠬᠥᠮᠥᠨ ᠪᠦᠬᠦᠨ ᠬᠠᠷᠢᠭᠤᠴᠠᠯᠭ᠎ᠠ ᠲᠠᠢ ᠪᠠᠶᠢᠬᠤ︾ ᠨᠡᠶᠢᠭᠡᠮ ᠤᠨ ᠠᠭᠤᠷ ᠠᠮᠢᠰᠬᠤᠯ ᠢ ᠪᠦᠲᠦᠮᠵᠢᠲᠡᠶ ᠪᠣᠶ ᠪᠣᠯᠭᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号