ᠵᠠᠷᠤᠳ ᠬᠤᠰᠢᠭᠤ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷᠴᠤᠳ ᠲᠠᠢ ᠬᠠᠮᠲᠤ ᠶᠢᠨ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2022/5/25
     5 ᠰᠠᠷ᠎ᠠ ᠶᠢᠨ 23 ᠤ ᠡᠳᠦᠷ᠂ ᠵᠠᠷᠤᠳ ᠬᠤᠰᠢᠭᠤ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷᠴᠤᠳ ᠲᠠᠢ ᠬᠠᠮᠲᠤ ᠶᠢᠨ ᠶᠠᠷᠢᠯᠴᠠᠬᠤ ᠬᠤᠷᠠᠯ ᠬᠢᠪᠡ᠃ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠰᠢ ᠯᠢᠨ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦᠸᠧ ᠮᠢᠩ ᠢᠦᠢ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷ ᠨᠡᠶᠢᠲᠡ 80 ᠭᠠᠷᠤᠢ ᠬᠥᠮᠥᠨ ᠬᠤᠷᠠᠯ ᠳᠤ ᠤᠷᠤᠯᠴᠠᠪᠠ᠃
     ᠯᠢᠦ ᠰᠢ ᠯᠢᠨ᠂ ᠤᠯᠤᠰ ᠲᠦᠷᠦ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠡᠷᠡᠰ ᠪᠡᠶᠡᠯᠡᠭᠦᠯᠵᠦ᠂ ᠢᠲᠡᠭᠡᠯ ᠪᠢᠰᠢᠷᠡᠯ ᠤᠨ ᠰᠠᠭᠤᠷᠢ ᠪᠠᠨ ᠪᠠᠲᠤᠳᠬᠠᠵᠤ᠂ ᠤᠶᠤᠨ ᠰᠠᠨᠠᠭᠠᠨ ᠤ ᠺᠠᠯᠼ  ᠢᠶᠠᠨ ᠭᠦᠢᠴᠡᠳ ᠨᠥᠬᠦᠪᠦᠷᠢᠯᠡᠵᠦ᠂ ᠦᠵᠡᠯ ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠵᠦ᠂ ᠢᠮᠠᠭᠲᠠ ᠨᠠᠮ ᠤᠨ ᠢᠲᠡᠭᠡᠯ ᠪᠢᠰᠢᠷᠡᠯ ᠳᠤ ᠦᠨᠡᠨᠴᠢ ᠰᠢᠳᠤᠷᠭᠤ ᠪᠠᠶᠢᠵᠤ᠂ ᠨᠠᠮ ᠪᠣᠯᠣᠨ ᠠᠷᠠᠳ ᠲᠦᠮᠡᠨ ᠤ ᠦᠢᠯᠡᠰ ᠲᠤ ᠦᠨᠡᠨᠴᠢ ᠰᠢᠳᠤᠷᠭᠤ ᠪᠠᠶᠢᠬᠤ ᠬᠡᠷᠡᠭᠲᠡᠢ᠃ ᠨᠠᠮ ᠤᠨ ᠳᠦᠷᠢᠮ ᠨᠠᠮ ᠤᠨ ᠲᠣᠭᠲᠠᠭᠠᠯ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠰᠤᠷᠤᠯᠴᠠᠯᠭ᠎ᠠ ᠪᠠᠨ ᠤᠬᠠᠮᠰᠠᠷ ᠠᠴᠠ ᠪᠠᠨ ᠴᠢᠩᠭᠠᠳᠬᠠᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠦᠨᠡᠨᠬᠦ ᠤᠶᠠᠯᠳᠤᠭᠤᠯᠤᠨ᠂ ᠮᠡᠳᠡᠬᠦ ᠢᠲᠡᠭᠡᠬᠦ ᠠᠵᠢᠯᠯᠠᠬᠤ  ᠪᠠᠨ ᠦᠨᠡᠨᠬᠦ ᠨᠢᠭᠡᠳᠬᠡᠵᠦ᠂ ᠤᠯᠤᠰ ᠲᠦᠷᠦ ᠶᠢᠨ ᠤᠬᠠᠮᠰᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠲᠦᠷᠦ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠬᠡᠪ ᠴᠢᠨᠠᠷ ᠢᠶᠠᠨ ᠲᠠᠰᠤᠷᠠᠯᠲᠠ ᠦᠭᠡᠢ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠤᠯᠤᠰ ᠲᠦᠷᠦ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠶᠡᠭᠡ ᠶᠠᠪᠤᠳᠠᠯ ᠤᠨ ᠡᠮᠦᠨ᠎ᠡ ᠤᠯᠤᠰ ᠲᠦᠷᠦ ᠶᠢᠨ ᠲᠠᠷᠢᠬᠢ ᠲᠣᠯᠣᠭᠠᠢ ᠪᠠᠨ ᠴᠠᠭ ᠢᠮᠠᠭᠲᠠ ᠰᠡᠷᠭᠡᠭ ᠪᠠᠶᠢᠯᠭᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠠᠭ ᠢᠮᠠᠭᠲᠠ ᠰᠡᠳᠬᠢᠯ ᠳᠡᠭᠡᠨ ᠴᠡᠭᠡᠵᠢᠯᠡᠵᠦ᠂ ᠡᠮᠤᠨ᠎ᠡ ᠪᠠᠨ ᠲᠠᠯᠪᠢᠵᠤ᠂ ᠦᠵᠡᠯ ᠰᠠᠨᠠᠭ᠎ᠠ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠢ ᠡᠷᠡᠰ ᠬᠠᠮᠠᠭᠠᠯᠠᠬᠤ ᠬᠡᠷᠡᠭᠲᠡᠢ᠃ ᠥᠪᠡᠷ ᠤᠨ ᠨᠢᠭᠡᠳᠦᠭᠡᠷ ᠡᠭᠦᠷᠭᠡ ᠬᠠᠷᠢᠭᠤᠴᠠᠯᠭ᠎ᠠ ᠪᠣᠯ ᠨᠠᠮ ᠤᠨ ᠲᠥᠯᠥᠭᠡ ᠠᠵᠢᠯᠯᠠᠵᠤ᠂ ᠨᠠᠮ ᠤᠨ ᠲᠥᠯᠥᠭᠡ ᠬᠠᠷᠢᠭᠤᠴᠠᠯᠭ᠎ᠠ ᠪᠠᠨ  ᠭᠦᠢᠴᠡᠳᠭᠡᠬᠦ ᠭᠡᠳᠡᠭ ᠢ ᠢᠮᠠᠭᠲᠠ ᠪᠠᠲᠤ ᠴᠡᠭᠡᠵᠢᠯᠡᠵᠦ᠂ ᠤᠬᠠᠮᠰᠠᠷ ᠠᠴᠠ ᠪᠠᠨ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢ ᠳᠠᠭᠠᠵᠤ᠂ ᠰᠢᠨ᠎ᠡ ᠠᠵᠢᠯ ᠤᠨ ᠪᠠᠶᠢᠷᠢ ᠳᠤ ᠲᠦᠷᠭᠡᠨ ᠵᠣᠬᠢᠴᠠᠵᠤ᠂ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
     ᠰᠦᠸᠧ ᠮᠢᠩ ᠢᠦᠢ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠢᠮᠠᠭᠲᠠ ᠨᠠᠮ ᠤᠨ ᠲᠥᠪ ᠬᠤᠷᠢᠶ᠎ᠠ ᠲᠠᠢ ᠨᠢᠭᠡᠳᠦᠯᠲᠡᠢ ᠪᠠᠶᠢᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃ ᠠᠵᠢᠯ ᠬᠢᠵᠦ ᠦᠢᠯᠡᠰ ᠪᠣᠰᠬᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠦᠢᠯᠡᠳᠦᠯᠭᠡ ᠶᠢᠨ ᠳᠠᠪᠲᠠᠯᠲᠠ ᠪᠠᠨ ᠳᠠᠰᠤᠷᠠᠯᠳᠠ ᠦᠭᠡᠢ ᠴᠢᠩᠭᠠᠳᠬᠠᠵᠤ᠂ ᠰᠡᠳᠬᠢᠴᠡ ᠪᠠᠨ ᠲᠥᠯᠥᠪᠵᠢᠭᠦᠯᠬᠦ᠂ ᠠᠵᠢᠯ ᠢᠶᠠᠨ ᠠᠬᠢᠭᠤᠯᠬᠤ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠡᠬᠢᠯᠡᠯᠲᠡ ᠶᠢᠨ ᠴᠡᠭ ᠲᠤ ᠰᠠᠭᠤᠷᠢᠯᠠᠨ᠂ ᠠᠵᠢᠯ ᠤᠨ ᠪᠠᠶᠢᠷᠢ ᠪᠠ ᠳᠦᠷᠢ ᠶᠢᠨ ᠬᠤᠪᠢᠷᠠᠯᠲᠠ ᠳᠤ ᠠᠯᠢ ᠲᠦᠷᠭᠡᠨ ᠢᠶᠠᠷ ᠵᠣᠬᠢᠴᠠᠵᠤ᠂ ᠰᠢᠨ᠎ᠡ ᠪᠠᠶᠢᠳᠠᠯ ᠳᠤ ᠦᠳᠲᠡᠷ ᠲᠦᠷᠭᠡᠨ ᠣᠷᠣᠬᠤ ᠬᠡᠷᠡᠭᠲᠡᠢ᠃ ᠠᠵᠢᠯ ᠤᠨ ᠪᠠᠶᠢᠷᠢ ᠶᠢᠨ ᠰᠤᠯᠢᠭᠳᠠᠯ ᠳᠤ ᠵᠥᠪ ᠢᠶᠠᠷ ᠬᠠᠨᠳᠤᠵᠤ᠂ ᠠᠵᠢᠯ ᠤᠨ ᠲᠣᠬᠢᠷᠠᠭᠤᠯᠤᠯᠲᠠ ᠪᠠᠷ ᠰᠢᠨ᠎ᠡ ᠬᠥᠳᠡᠯᠭᠡᠭᠦ ᠬᠦᠴᠦᠨ ᠪᠣᠯᠭᠠᠵᠤ᠂ ᠬᠥᠭᠵᠢᠯᠲᠡ ᠶᠢ ᠠᠬᠢᠭᠤᠯᠤᠭᠰᠠᠨ ᠪᠣᠳᠠᠲᠤ ᠠᠮᠵᠢᠯᠲᠠ ᠪᠠᠷ ᠢᠶᠠᠨ ᠵᠣᠬᠢᠶᠠᠨ ᠪᠠᠶᠢᠭᠤᠯᠤᠯᠲᠠ ᠶᠢᠨ ᠢᠲᠡᠭᠡᠯ ᠪᠠ ᠬᠦᠨᠳᠦ ᠨᠠᠶᠢᠳᠠᠯᠭ᠎ᠠ ᠶᠢ ᠬᠠᠷᠢᠭᠤᠯᠬᠤ ᠬᠡᠷᠡᠭᠲᠡᠢ᠃ ᠬᠠᠷᠢᠭᠤᠴᠠᠯᠭ᠎ᠠ ᠪᠠᠨ ᠮᠡᠳᠡᠵᠤ ᠤᠷᠤᠭᠰᠢᠯᠠᠨ ᠲᠠᠪᠰᠢᠬᠤ ᠶᠢ ᠪᠤᠳᠤᠵᠤ᠂ ᠬᠠᠷᠢᠭᠤᠴᠠᠯᠭ᠎ᠠ ᠪᠠᠨ ᠮᠡᠳᠡᠵᠤ ᠠᠵᠢᠯᠯᠠᠬᠤ ᠶᠢ ᠪᠤᠳᠤᠵᠤ᠂ ᠤᠳᠤᠷᠢᠳᠬᠤ ᠪᠠᠭ ᠤᠨ ᠬᠤᠭᠤᠷᠤᠨᠳᠤᠬᠢ ᠦᠵᠡᠯ ᠰᠠᠨᠠᠭᠠᠨ ᠤ ᠠᠭᠤᠰᠤᠯᠴᠠᠯ᠂ ᠠᠵᠢᠯ ᠤᠨ ᠵᠣᠬᠢᠴᠠᠯᠳᠤᠯ᠂ ᠬᠦᠴᠦᠨ ᠤ ᠪᠥᠭᠡᠮᠨᠡᠷᠡᠯ ᠢ ᠤᠯᠠᠮ ᠨᠢᠭᠡ ᠠᠯᠬᠤᠮ ᠲᠦᠷᠭᠡᠳᠬᠡᠵᠦ᠂ ᠬᠥᠭᠵᠢᠯᠲᠡ ᠶᠢᠨ ᠰᠢᠨ᠎ᠡ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠴᠢᠩᠭᠠᠳᠬᠠᠪᠠ᠃
     ᠰᠦᠸᠧ ᠮᠢᠩ ᠢᠦᠢ ᠱᠠᠭᠠᠷᠳᠠᠭᠰᠠᠨ ᠨᠢ᠂ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠬᠥᠭᠵᠢᠭᠦᠯᠬᠦ ᠪᠠᠷ ᠴᠢᠷᠮᠠᠶᠢᠬᠤ ᠦᠭᠡᠢ ᠪᠣᠯ ︽ᠬᠠᠲᠠᠭᠤ ᠰᠢᠷᠬ᠎ᠠ︾ ᠮᠥᠨ᠂ ᠬᠦᠭᠵᠢᠬᠦ ᠶᠢ ᠪᠤᠳᠤᠬᠤ ᠦᠭᠡᠢ ᠪᠣᠯ ︽ᠲᠤᠳᠤᠷ ᠰᠢᠷᠬ᠎ᠠ︾ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠬᠥᠭᠵᠢᠯᠲᠡ ᠶᠢᠨ ᠰᠡᠳᠬᠢᠴᠡ᠂ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠦᠨᠳᠦ ᠡᠭᠦᠷᠭᠡ ᠶᠢ ᠡᠭᠦᠷᠭᠡᠯᠡᠬᠦ ᠬᠡᠷᠡᠭᠲᠡᠢ᠃ ᠣᠳᠣᠬᠠᠨ ᠳᠤ᠂ ᠪᠥᠬᠦ ᠬᠤᠰᠢᠭᠤ ᠪᠠᠷ ᠢᠶᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠠᠶᠢᠨ᠎ᠠ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠨ᠂ ᠳᠠᠷᠤᠯᠲᠠ ᠪᠠ ᠠᠮᠢᠵᠢᠷᠠᠯ ᠤᠨ ᠬᠦᠴᠦᠨ ᠢᠶᠠᠨ ᠨᠡᠮᠡᠭᠳᠡᠭᠦᠯᠵᠦ᠂ ᠴᠠᠯᠠᠭᠠᠶᠢᠷᠠᠬᠤ ᠪᠠ ᠪᠠᠴᠢᠮᠳᠠᠬᠤ ᠪᠠᠨ ᠪᠠᠭᠠᠰᠬᠠᠨ᠂ ᠶᠠᠮᠠᠷ ᠪᠠᠶᠢᠷᠢᠨ ᠳᠤ ᠪᠠᠶᠢᠪᠠᠯ᠂ ᠲᠡᠷᠡ ᠠᠵᠢᠯ ᠢ ᠲᠥᠯᠥᠪᠯᠡᠨ᠂ ᠲᠡᠷᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠵᠦ᠂ ᠥᠪᠡᠷ ᠤᠨ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠰᠠᠶᠢᠲᠤᠷ ᠦᠢᠯᠡᠳᠦᠯᠭᠡᠵᠢᠭᠦᠯᠦᠨ᠎ᠡ᠃ ᠠᠰᠠᠭᠤᠳᠠᠯ ᠳᠤ ᠵᠣᠷᠢᠭᠲᠠᠢ ᠪᠠᠷ ᠬᠠᠨᠳᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠠᠬᠢ ᠪᠤᠶ ᠪᠣᠯᠭᠠᠵᠤ᠂ ᠢᠮᠠᠭᠲᠠ ︽ᠨᠠᠳᠠ ᠠᠴᠠ ᠪᠤᠰᠤᠳ ᠬᠡᠨ ᠪᠠᠶᠢᠬᠤ ᠪᠤᠢ︾ ᠬᠡᠬᠦ ᠰᠦᠷ ᠬᠦᠴᠦᠨ ᠢᠶᠠᠷ᠂ ᠲᠦᠪᠡᠭᠲᠡᠢ ᠶᠠᠪᠤᠳᠠᠯ᠂ ᠬᠥᠮᠥᠨ ᠲᠠᠢ ᠮᠠᠭᠤᠳᠠᠯᠴᠠᠬᠤ ᠶᠠᠪᠤᠳᠠᠯ ᠢ ᠵᠣᠷᠢᠭᠲᠠᠢ ᠪᠠᠷ ᠡᠭᠦᠷᠭᠡᠯᠡᠵᠦ᠂ ᠡᠯ᠎ᠡ ᠵᠦᠢᠯ ᠤᠨ ᠨᠠᠷᠢᠨ ᠪᠤᠳᠤᠯᠢᠶᠠᠨᠲᠠᠢ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠵᠤ᠂ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠤᠭᠴᠢ᠂ ᠪᠣᠳᠠᠲᠠᠢ ᠠᠵᠢᠯᠯᠠᠭᠴᠢ᠂ ᠠᠬᠢᠭᠤᠯᠤᠭᠴᠢ ᠪᠣᠯᠬᠤ ᠪᠠᠷ ᠴᠢᠷᠮᠠᠶᠢᠵᠤ᠂ ᠪᠠᠴᠢᠮ ᠬᠦᠴᠢᠷᠲᠡᠢ ᠠᠶᠤᠯᠲᠠᠢ ᠬᠦᠨᠳᠦ ᠡᠭᠦᠷᠭᠡ ᠶᠢᠨ ᠡᠮᠤᠨ᠎ᠡ ᠲᠦᠷᠦᠭᠦᠯᠡᠵᠦ᠂ ᠬᠤᠰᠢᠭᠤᠴᠢ ᠪᠣᠯᠵᠤ ᠂ ᠠᠷᠠᠳ ᠲᠦᠮᠡᠨ ᠢᠶᠠᠷ ᠭᠤᠣᠯ ᠪᠣᠯᠭᠠᠬᠤ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠤᠯᠠᠨ ᠲᠦᠮᠡᠨ ᠤ ᠰᠠᠨᠠᠭ᠎ᠠ  ᠵᠤᠪᠠᠵᠦ ᠪᠠᠶᠢᠭ᠎ᠠ ᠶᠠᠪᠤᠳᠠᠯ᠂ ᠲᠤᠷ᠎ᠠ ᠦᠭᠡᠶᠢᠴᠡᠭᠦᠯᠵᠦ ᠪᠠᠶᠢᠭ᠎ᠠ ᠶᠠᠪᠤᠳᠠᠯ᠂ ᠵᠢᠷᠤᠭᠡ ᠰᠢᠮᠰᠢᠷᠡᠵᠦ ᠪᠠᠶᠢᠭ᠎ᠠ ᠶᠠᠪᠤᠳᠠᠯ ᠢ ᠪᠡᠶ᠎ᠡ ᠪᠠᠷ ᠢᠶᠠᠨ ᠰᠢᠢᠳᠪᠦᠷᠢᠯᠡᠵᠦ᠂ ᠤᠯᠠᠨ ᠲᠦᠮᠡᠨ ᠤ ᠵᠣᠯ ᠵᠢᠷᠭᠠᠯᠲᠤ ᠰᠡᠳᠬᠢᠯᠭᠡ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号