ᠯᠢ ᠢᠦᠢ ᠹᠦ᠋᠂ ᠳ᠋ᠢᠩ ᡁᠢ ᠭᠠᠩ ᠡᠾᠧᠪᠸᠢ ᠮᠤᠵᠢ ᠶᠢᠨ ᠯᠠᠩᠹᠠᠩ ᠬᠤᠳᠠ ᠳᠤ ᠬᠦᠷᠴᠦ ᠵᠣᠯᠭᠠᠭᠤᠯᠬᠤ ᠲᠦᠷᠦᠯ ᠵᠦᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/5/25
      5 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠢᠦᠢ ᠹᠦ᠋᠂  ᠲᠡᠳ᠋ ᠬᠤᠰᠢᠭᠤᠨ ᠳᠠᠷᠤᠭ᠎ᠠ ᠳ᠋ᠢᠩ ᡁᠢ ᠭᠠᠩ ᠾᠧᠪᠧᠢ ᠮᠤᠵᠢ ᠶᠢᠨ ᠯᠠᠩᠹᠠᠩ ᠬᠤᠲᠠ ᠳᠤ ᠬᠦᠷᠴᠦ᠂ ᠯᠠᠩᠹᠠᠩ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠴᠡᠷᠢᠭ ᠤᠨ ᠬᠤᠪᠢᠶᠠᠷᠢ ᠲᠣᠭᠤᠷᠢᠭ ᠤᠨ ᠺᠣᠮᠢᠰᠰᠠᠷ ᠴᠠᠩ ᠶᠠᠨ ᠮᠢᠩ᠂ ᠤᠯᠤᠰ ᠤᠨ ᠡᠨᠧᠷᠭᠢ ᠶᠢᠨ ᠪᠦᠯᠦᠭᠯᠡᠯ ᠤᠨ ᠯᠠᠩᠹᠠᠩ ᠴᠠᠬᠢᠯᠭᠠᠨ ᠦᠢᠯᠡᠳᠪᠦᠷᠢ ᠶᠢᠨ ᠶᠡᠷᠦᠩᠬᠡᠢ ᠳᠠᠭᠠᠭᠠᠮᠠᠯ ᠶᠠᠩ ᠵᠧᠨ ᠶᠦᠩ᠂ ᠬᠤᠸᠠ ᠷᠧᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠲᠢᠶᠧ ᠴᠠᠩ ᠲᠠᠢ ᠠᠭᠤᠯᠵᠠᠵᠤ᠂ ᠰᠢᠨ᠎ᠡ ᠡᠨᠧᠷᠭᠢ ᠶᠢᠨ ᠨᠡᠭᠡᠭᠡᠨ ᠠᠰᠢᠭᠯᠠᠯᠲᠠ ᠵᠢᠴᠢ ᠢᠵᠢ ᠪᠦᠷᠢᠳᠦᠭᠦᠯᠬᠦ ᠵᠦᠢᠯᠡᠰ᠂ ᠬᠥᠩᠭᠡᠨ ᠴᠠᠭᠠᠨ ᠤ ᠵᠠᠯᠭᠠᠮᠵᠢ ᠠᠵᠤ ᠦᠢᠯᠡᠰ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠵᠥᠪᠳᠡᠪᠡ᠃ ᠶᠠᠷᠢᠯᠴᠠᠭ᠎ᠠ ᠬᠢᠬᠦ ᠪᠠᠷ ᠳᠡᠮᠵᠢᠨ᠂ ᠠᠵᠤ ᠠᠬᠤᠶᠢᠯᠠᠯ ᠤᠨ ᠬᠢᠨ ᠣᠶᠢᠷ᠎ᠠ ᠶᠢᠨ ᠬᠤᠭᠤᠴᠠᠭᠠᠨ ᠳᠤ ᠲᠥᠷᠥᠯ ᠵᠦᠢᠯ ᠢ ᠰᠢᠨᠵᠢᠯᠡᠨ ᠪᠠᠶᠢᠴᠠᠭᠠᠵᠦ ᠵᠣᠯᠭᠠᠭᠤᠯᠬᠤ ᠪᠠᠷ ᠵᠠᠷᠤᠳ ᠬᠤᠰᠢᠭᠤᠨ ᠳᠤ ᠬᠦᠷᠤᠨ᠎ᠡ ᠭᠡᠵᠦ ᠢᠯᠡᠳᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号