ᠵᠠᠷᠤᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2022/5/25
       5 ᠰᠠᠷ᠎ᠠ ᠶᠢᠨ 23 ᠤ ᠡᠳᠦᠷ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠠᠴᠠ ᠰᠡᠳᠬᠢᠴᠡ ᠶᠢᠨ ᠡᠷᠡᠭᠦᠯ ᠮᠡᠨᠳᠦ ᠶᠢᠨ ᠲᠤᠰᠬᠠᠢ ᠮᠡᠷᠭᠡᠵᠢᠯᠲᠡᠨ ᠯᠧᠺᠲ᠋ᠣᠷ ᠢ ᠤᠷᠢᠵᠤ ᠪᠥᠬᠦ ᠠᠵᠢᠯᠲᠠᠳ ᠲᠤ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠵᠢᠨ‌‍ᠲ᠋ᠠᠶᠢᠯᠤᠮᠵᠢ ᠬᠢᠪᠡ᠃ ᠲᠠᠶᠢᠯᠤᠮᠵᠢ ᠨᠢ ︽ᠪᠡᠶ᠎ᠡ ᠪᠠᠨ ᠬᠠᠶᠢᠷᠠᠯᠠᠬᠤ ᠳᠤ ᠰᠡᠳᠭᠢᠴᠡ ᠠᠴᠠ ᠡᠬᠢᠯᠡᠶ᠎ᠡ︾ ᠬᠡᠬᠦ ᠠᠭᠤᠯᠭ᠎ᠠ ᠪᠠᠷ ᠭᠤᠣᠯ ᠰᠡᠳᠦᠪ ᠪᠣᠯᠭᠠᠵᠤ᠂ ᠠᠵᠢᠯᠲᠠᠨ ᠠᠵᠢᠯᠴᠢᠨ ᠤ ᠰᠡᠳᠬᠢᠴᠡ ᠶᠢᠨ ᠡᠷᠡᠭᠦᠯ ᠮᠡᠨᠳᠦ   ᠶᠢᠨ ᠶᠡᠷᠦ ᠶᠢᠨ ᠮᠡᠳᠡᠯᠭᠡ᠂ ᠪᠠᠶᠢᠩᠭᠤ ᠲᠣᠬᠢᠶᠠᠯᠳᠤᠬᠤ ᠰᠡᠳᠬᠢᠴᠡ ᠶᠢᠨ ᠭᠠᠴᠢᠭᠳᠠᠯ᠂ ᠰᠡᠳᠬᠢᠴᠡ ᠶᠢᠨ ᠡᠪᠡᠳᠴᠢᠨ ᠤ ᠲᠥᠷᠥᠯ ᠵᠢᠴᠢ ᠤᠷᠢᠳᠴᠢᠯᠠᠨ ᠰᠡᠷᠭᠡᠶᠢᠯᠡᠬᠦ ᠵᠡᠷᠭᠡ ᠠᠭᠤᠯᠭ᠎ᠠ ᠶᠢᠨ ᠲᠣᠭᠤᠷᠢᠨ ᠳᠤ ᠰᠢᠰᠲ᠋ᠧᠮ ᠲᠠᠢ ᠲᠠᠶᠢᠯᠪᠤᠷᠢᠯᠠᠯᠲᠠ ᠬᠢᠪᠡ᠃ ᠡᠭᠦᠨ ᠤ ᠬᠠᠮᠲᠤ ᠤᠷᠮ᠎ᠠ ᠰᠡᠳᠬᠢᠯᠭᠡ ᠪᠠᠨ ᠵᠣᠬᠢᠴᠠᠭᠤᠯᠬᠤ᠂ ᠦᠢᠯᠡ ᠠᠵᠢᠯᠯᠠᠭ᠎ᠠ ᠪᠠᠨ ᠵᠣᠬᠢᠴᠠᠭᠤᠯᠬᠤ ᠵᠡᠷᠭᠡ ᠳᠠᠷᠤᠯᠲᠠ ᠶᠢ ᠪᠠᠭᠠᠰᠬᠠᠬᠤ ᠤᠯᠠᠨ ᠵᠦᠢᠯ ᠤᠨ ᠠᠷᠭ᠎ᠠ ᠶᠢ ᠲᠠᠨᠢᠯᠴᠠᠭᠤᠯᠵᠤ᠂ ᠠᠵᠢᠯᠲᠠᠨ ᠠᠵᠢᠯᠴᠢᠨ ᠢ ᠬᠥᠲᠥᠯᠥᠨ ᠵᠢᠯᠤᠭᠤᠳᠴᠤ ᠪᠠᠶᠢᠭᠠᠳ ᠤᠷᠮ᠎ᠠ ᠰᠡᠳᠬᠢᠯᠭᠡ ᠶᠢ ᠨᠢ ᠵᠣᠬᠢᠰᠲᠠᠢ ᠵᠣᠬᠢᠴᠠᠭᠤᠯᠵᠤ᠂ ᠪᠡᠶ᠎ᠡ ᠰᠡᠳᠬᠢᠯ ᠤᠨ ᠳᠠᠷᠤᠯᠲᠠ ᠶᠢ ᠨᠢ ᠨᠠᠮᠳᠠᠭᠤᠯᠤᠨ᠂ ᠨᠡᠩ ᠢᠳᠡᠪᠬᠢᠲᠡᠢ ᠰᠡᠳᠬᠢᠴᠡ ᠶᠢᠨ ᠪᠠᠶᠢᠳᠠᠯ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠢᠯ ᠠᠮᠢᠳᠤᠷᠠᠯ ᠳᠠᠭᠠᠨ ᠣᠷᠣᠯᠴᠠᠭᠤᠯᠵᠤ᠂ ᠪᠠᠶᠢᠭᠤᠯᠭ᠎ᠠ ᠶᠢᠨ ᠡᠶ᠎ᠡ ᠵᠣᠬᠢᠴᠠᠯ ᠲᠠᠢ᠂ ᠲᠣᠭᠲᠠᠭᠤᠨ᠂ ᠡᠷᠡᠭᠦᠯ ᠢᠶᠠᠷ ᠬᠥᠭᠵᠢᠬᠦ ᠶᠢ ᠲᠠᠰᠤᠷᠠᠯᠳᠠ ᠦᠭᠡᠢ ᠲᠦᠯᠬᠢᠨ ᠠᠬᠢᠭᠤᠯᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号