| 5 ᠰᠠᠷ᠎ᠠ ᠶᠢᠨ 23 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ ᠠᠴᠠ ᠰᠤᠮᠤ ᠪᠠᠯᠭᠠᠰᠤ ᠲᠠᠯᠠᠪᠠᠶ ︵ᠵᠡᠭᠡᠯᠢ ᠭᠤᠳᠤᠮᠵᠢ︶ ᠶᠢᠨ ︽ᠵᠠᠷ ᠱᠠᠯᠠᠵᠤ ᠠᠵᠢᠯ ᠲᠣᠰᠬᠤ︾ ᠲᠥᠷᠦᠯ | ᠵᠦᠢᠯ ᠵᠢᠴᠢ ᠮᠡᠳᠡᠭᠡ ᠵᠠᠩᠭᠢ ᠤᠬᠠᠭᠤᠯᠭ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠪᠡ᠂ ᠡᠯ᠎ᠡ ᠰᠤᠮᠤ | ᠪᠠᠯᠭᠠᠰᠤ ᠲᠠᠯᠠᠪᠠᠶ᠂ ᠯᠦᠪᠸᠢ ᠵᠡᠭᠡᠯᠢ ᠭᠤᠳᠤᠮᠵᠢ ᠶᠢᠨ ᠨᠠᠮ ᠤᠨ ︵ᠠᠵᠢᠯ︶ ᠵᠦᠪᠯᠡᠯ ᠶᠢᠨ ᠵᠣᠬᠢᠶᠠᠨ ᠪᠠᠶᠢᠭᠤᠯᠬᠤ | ᠭᠡᠰᠢᠭᠦᠨ᠂ ᠤᠬᠠᠭᠤᠯᠬᠤ ᠬᠡᠯᠲᠡᠰ᠂ ᠬᠠᠮ ᠵᠠᠭᠤᠴᠢᠯᠠᠭᠤᠷ ᠤᠨ ᠲᠥᠪ ᠤᠨ ᠬᠤᠪᠢᠳᠠᠨ ᠬᠠᠮᠢᠶᠠᠷᠬᠤ ᠳᠡᠳ᠋ | ᠲᠤᠰᠢᠶᠠᠯᠲᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠤᠳᠤᠷᠢᠳᠬᠤ ᠪᠠᠭ ᠤᠨ | ᠭᠡᠰᠢᠭᠦᠨ ᠵᠢᠴᠢ ᠡᠯ᠎ᠡ ᠲᠥᠷᠥᠯ ᠵᠦᠢᠯ ᠤᠨ ᠳᠤᠭᠤᠶᠢᠯᠠᠩ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠰᠦᠸᠧ ᠮᠢᠩ ᠢᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | | ᠬᠤᠷᠠᠯ ᠳᠡᠭᠡᠷ᠎ᠡ᠂ ᠡᠩ ᠲᠡᠷᠢᠭᠦᠨ ᠳᠤ ᠡᠯ᠎ᠡ ᠰᠤᠮᠤ ᠪᠠᠯᠭᠠᠰᠤ ᠲᠠᠯᠠᠪᠠᠶ ︵ᠵᠡᠭᠡᠯᠢ ᠭᠤᠳᠤᠮᠵᠢ︶ ᠶᠢᠨ ︽ᠵᠠᠷ | ᠱᠠᠯᠠᠵᠤ ᠠᠵᠢᠯ ᠲᠣᠰᠣᠭᠰᠠᠨ︾ ᠲᠥᠷᠦᠯ ᠵᠦᠢᠯ ᠤᠨ ᠠᠵᠢᠯ ᠤᠨ ᠨᠡᠷᠡᠰ ᠤᠨ ᠵᠢᠭᠰᠠᠭᠠᠯᠲᠠ ᠶᠢᠨ ᠪᠠᠶᠢᠳᠠᠯ ᠢ ᠵᠠᠷᠯᠠᠨ | ᠮᠡᠳᠡᠭᠳᠡᠵᠦ᠂ ᠳᠠᠷᠠᠭ᠎ᠠ ᠨᠢ ᠡᠯ᠎ᠡ ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ ᠶᠢᠨ ᠬᠢᠨ ᠲᠠᠰ ᠳᠠᠷᠠᠭᠠᠯᠠᠨ | ᠬᠠᠷᠢᠭᠤ ᠮᠡᠳᠡᠭᠦᠯᠦᠯᠲᠡ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ | ᠪᠠᠶᠢᠩᠭᠤ ᠶᠢᠨ ᠳᠡᠳ᠋ ᠳᠠᠷᠤᠭ᠎ᠠ᠂ ᠠᠬᠠᠮᠠᠳ ᠺᠠᠳ᠋ᠷᠴᠤᠳ ᠤᠨ ᠲᠣᠪᠴᠢᠶ᠎ᠠ ᠶᠢᠨ ᠳᠠᠷᠤᠭ᠎ᠠ ᠰᠢᠶᠧ ᠴᠧᠨ ᠦᠨᠡᠯᠡᠯᠲᠡ | ᠬᠢᠵᠦ᠂ ᠵᠢᠴᠢ ᠮᠡᠳᠡᠭᠡ ᠵᠠᠩᠭᠢ ᠤᠬᠠᠭᠤᠯᠭ᠎ᠠ ᠶᠢᠨ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠪᠡ᠃ | | ᠰᠦᠸᠧ ᠮᠢᠩ ᠢᠦᠢ ᠵᠢᠭᠠᠪᠣᠷᠢᠯᠠᠭᠰᠠᠨ ᠨᠢ᠂ ︽ᠵᠠᠷ ᠱᠠᠯᠠᠵᠤ ᠠᠵᠢᠯ ᠲᠣᠰᠬᠤ︾ ᠠᠵᠢᠯ ᠨᠢ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠰᠢ ᠶᠢᠨ ᠫᠢᠩ | ᠶᠡᠷᠦᠩᠬᠡᠢ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠲᠠᠯ᠎ᠠ | ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠣᠲᠣ ᠨᠢᠭᠡᠨᠲᠡ | ᠬᠦᠴᠢᠷ ᠠᠰᠠᠭᠤᠳᠠᠯ ᠢ ᠰᠢᠢᠳᠪᠦᠷᠢᠯᠡᠬᠦ᠂ ᠴᠡᠭ ᠢᠶᠠᠷ ᠨᠡᠶᠢᠳᠡᠮ ᠢ ᠳᠠᠶᠢᠴᠢᠯᠠᠬᠤ᠂ ᠰᠤᠷᠤᠯᠴᠠᠨ ᠲᠣᠯᠢ ᠪᠣᠯᠭᠠᠬᠤ᠂ | ᠱᠠᠲᠤ ᠦᠶ᠎ᠡ ᠪᠠᠷ ᠳ᠋ᠦᠩᠨᠡᠬᠦ ᠴᠢᠬᠤᠯᠠ ᠴᠠᠭ ᠦᠶ᠎ᠡ ᠳᠤ ᠣᠷᠣᠭᠠᠳ ᠪᠠᠶᠢᠨ᠎ᠠ᠂ ᠪᠥᠬᠦ ᠣᠷᠣᠨ᠂ ᠪᠥᠬᠦ ᠬᠤᠲᠠ ᠶᠢᠨ | ︽ᠵᠠᠷ ᠱᠠᠯᠠᠵᠤ ᠠᠵᠢᠯ ᠲᠣᠰᠬᠤ︾ ᠠᠵᠢᠯ ᠤᠨ ᠤᠳᠠᠭ᠎ᠠ ᠪᠦᠷᠢ ᠶᠢᠨ ᠲᠣᠬᠢᠷᠠᠭᠤᠯᠤᠯᠲᠠ ᠶᠢᠨ ᠬᠤᠷᠠᠯ ᠤᠨ ᠵᠣᠷᠢᠭ | ᠰᠠᠨᠠᠭ᠎ᠠ ᠶᠢ ᠦᠨᠳᠦᠰᠦᠯᠡᠨ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠰᠠᠭᠤᠳᠠᠯ ᠢ ᠣᠨᠣᠴᠠᠲᠠᠢ ᠡᠷᠢᠨ | ᠭᠠᠷᠭᠠᠵᠤ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ᠃ | ᠪᠠᠶᠢᠩᠭᠤ ᠶᠢᠨ ᠴᠢᠨᠠᠷᠲᠠᠢ ᠰᠠᠷ᠎ᠠ ᠢᠶᠠᠷ ᠲᠣᠬᠢᠷᠠᠭᠤᠯᠵᠤ ᠬᠢᠨᠠᠨ ᠰᠢᠯᠭᠠᠬᠤ ᠲᠣᠭᠲᠠᠴᠠ ᠶᠢ ᠬᠡᠷᠡᠭᠵᠢᠭᠦᠯᠦᠨ᠂ | ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠳᠤ ᠰᠢᠯᠭᠠᠯᠲᠠ ᠬᠢᠵᠦ ᠬᠢᠨᠠᠨ ᠦᠨᠡᠯᠡᠵᠦ᠂ ᠰᠠᠶᠢᠨ ᠬᠢᠭᠰᠡᠨ ᠢ ᠨᠢ | ᠨᠡᠶᠢᠲᠡᠯᠢᠭ ᠶᠠᠷᠢᠶ᠎ᠠ ᠲᠠᠯᠪᠢᠭᠤᠯᠵᠤ᠂ ᠠᠨᠠᠢ ᠬᠢᠭᠰᠡᠨ ᠢ ᠨᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠭᠤᠯᠵᠤ᠂ | ᠤᠳᠤᠷᠢᠳᠬᠤ ᠺᠠᠳ᠋ᠷᠴᠤᠳ ᠤᠨ ︽ᠵᠠᠷ ᠱᠠᠯᠠᠵᠤ ᠠᠵᠢᠯ ᠲᠣᠰᠬᠤ︾ ᠠᠵᠢᠯ ᠢ ᠲᠦᠯᠬᠢᠨ ᠠᠬᠢᠭᠤᠯᠤᠭᠰᠠᠨ ᠪᠠᠶᠢᠳᠠᠯ ᠢ | ᠺᠠᠳ᠋ᠷᠴᠤᠳ ᠢ ᠲᠣᠰᠢᠶᠠᠯ ᠳᠤ ᠲᠣᠮᠢᠯᠠᠬᠤ ᠣᠭᠴᠠᠷᠠᠭᠤᠯᠬᠤ ᠲᠣᠭᠲᠠᠴᠠ ᠲᠠᠢ ᠬᠤᠯᠪᠣᠵᠤ᠂ ᠠᠰᠠᠭᠤᠳᠠᠯ ᠢ | ᠰᠢᠢᠳᠪᠦᠷᠢᠯᠡᠬᠦ ᠪᠠᠷ ᠬᠦᠴᠦᠯᠡᠨ ᠴᠢᠷᠮᠠᠶᠢᠵᠤ᠂ ᠨᠡᠬᠡᠵᠦ ᠭᠦᠢᠴᠡᠵᠦ ᠣᠷᠣᠨ ᠳᠡᠪᠰᠢᠬᠦ ᠶᠢ ᠪᠡᠶᠡᠯᠡᠭᠦᠯᠬᠦ ᠬᠡᠷᠡᠭᠲᠡᠢ ᠭᠡᠪᠡ | ᠃ | | ᠰᠦᠸᠧ ᠮᠢᠩ ᠢᠦᠢ ᠴᠢᠬᠤᠯᠠᠴᠢᠯᠠᠭᠰᠠᠨ ᠨᠢ᠂ ᠨᠢᠭᠡ ᠳᠤ ᠵᠣᠷᠢᠭ ᠰᠠᠨᠠᠭ᠎ᠠ ᠶᠢ ᠣᠶᠢᠯᠠᠭᠠᠵᠤ᠂ ᠦᠵᠡᠯ ᠰᠠᠨᠠᠭ᠎ᠠ | ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ︽ ᠵᠠᠷ ᠱᠠᠯᠠᠵᠤ ᠠᠵᠢᠯ ᠲᠣᠰᠬᠤ︾ ᠠᠵᠢᠯ ᠪᠣᠯ ᠪᠦᠬᠦ ᠵᠢᠯ ᠤᠨ | ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠬᠤᠯᠠ ᠠᠴᠠ ᠴᠢᠬᠤᠯᠠ᠂ ᠬᠦᠴᠢᠷ ᠠᠴᠠ ᠬᠦᠴᠢᠷ᠂ ᠴᠢᠩᠭ᠎ᠠ ᠠᠴᠠ | ᠴᠢᠩᠭ᠎ᠠ ᠭᠡᠳᠡᠭ ᠢ ᠭᠦᠢᠴᠡᠳ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ︽ᠵᠠᠷ | ᠱᠠᠯᠠᠵᠤ ᠠᠵᠢᠯ ᠲᠣᠰᠬᠤ︾ ᠠᠵᠢᠯ ᠢ ᠪᠥᠬᠦ ᠵᠢᠯ ᠤᠨ ᠠᠵᠢᠯ ᠤᠨ ᠢᠶᠠᠨ ᠭᠤᠣᠯᠳᠠᠯᠭ᠎ᠠ ᠪᠣᠯᠭᠠᠵᠤ᠂ ᠵᠢᠯ ᠤᠨ | ᠡᠴᠦᠰ ᠤᠨ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠦᠨᠡᠯᠡᠬᠦ ᠴᠢᠬᠤᠯᠠ ᠠᠭᠤᠯᠭ᠎ᠠ ᠳᠤ | ᠣᠷᠣᠭᠤᠯᠤᠨ᠂ ᠭᠤᠣᠯᠳᠠᠯᠭ᠎ᠠ ᠲᠠᠢ ᠲᠥᠷᠥᠯ ᠵᠦᠢᠯ ᠢ ᠪᠡᠶ᠎ᠡ ᠪᠠᠷ ᠢᠶᠠᠨ ᠲᠥᠯᠥᠪᠯᠡᠵᠦ᠂ ᠪᠡᠶ᠎ᠡ ᠪᠠᠷ ᠢᠶᠠᠨ ᠠᠬᠢᠭᠤᠯᠵᠤ᠂ | ᠪᠡᠶ᠎ᠡ ᠪᠠᠷ ᠢᠶᠠᠨ ᠨᠠᠶᠢᠳᠠᠪᠤᠷᠢᠵᠢᠭᠤᠯᠵᠤ᠂ ᠠᠰᠠᠭᠤᠳᠠᠯ ᠢ ᠦᠨᠡᠨ ᠰᠢᠢᠳᠪᠦᠷᠢᠯᠡᠬᠦ᠂ ᠪᠣᠲᠠᠲᠠᠢ ᠠᠰᠠᠭᠤᠳᠠᠯ ᠢ | ᠰᠢᠢᠳᠪᠦᠷᠢᠯᠡᠬᠦ ᠳᠤᠮᠳᠠ ᠦᠨ᠎ᠡ ᠥᠷᠲᠡᠭ ᠢᠶᠠᠨ ᠪᠡᠶᠡᠯᠡᠭᠦᠯᠵᠦ᠂ ᠡᠭᠦᠷᠭᠡᠯᠡᠯ ᠢᠶᠠᠨ ᠢᠯᠡᠷᠡᠭᠦᠯᠵᠦ᠂ ᠵᠢᠳᠬᠦᠯ | ᠴᠢᠷᠮᠠᠶᠢᠯᠭ᠎ᠠ ᠪᠠᠨ ᠦᠵᠡᠭᠦᠯᠬᠦ ᠬᠡᠷᠡᠭᠲᠡᠢ᠃ ᠬᠤᠶᠠᠷ ᠲᠤ ᠠᠰᠠᠭᠤᠳᠠᠯ ᠢ ᠣᠨᠣᠪᠴᠢᠲᠠᠶ ᠡᠷᠢᠵᠦ᠂ ᠠᠵᠢᠯ ᠤᠨ ᠠᠷᠭ᠎ᠠ | ᠬᠡᠮᠵᠢᠶ᠎ᠡ ᠪᠠᠨ ᠴᠢᠩᠭᠠᠳᠬᠠᠬᠤ ᠬᠡᠷᠡᠭᠲᠡᠢ᠃ ︽ᠵᠠᠷ ᠱᠠᠯᠠᠵᠤ ᠠᠵᠢᠯ ᠲᠣᠰᠬᠤ︾ ᠠᠵᠢᠯ ᠤᠨ ᠭᠤᠣᠯᠳᠠᠯᠭ᠎ᠠ ᠪᠠ | ᠭᠤᠣᠯ ᠰᠢᠪᠲᠤᠯᠤᠯᠲᠠ ᠶᠢᠨ ᠴᠢᠭᠯᠡᠯ ᠢ ᠲᠣᠳᠣᠷᠬᠠᠶᠢᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ | ᠦᠨᠳᠦᠰᠦᠨ ᠱᠠᠲᠤᠨ ᠤ ᠵᠠᠰᠠᠯᠲᠠ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠢ ᠪᠣᠳᠠᠲᠠᠢ ᠠᠳᠬᠤᠬᠤ ᠬᠡᠷᠡᠭᠲᠡᠢ᠃ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠴᠢᠳᠠᠮᠵᠢᠲᠤ ᠣᠷᠣᠨ ᠪᠦᠰᠡ ᠶᠢ ᠬᠤᠪᠢᠶᠠᠷᠢᠯᠠᠵᠤ᠂ 6 ᠰᠠᠷ᠎ᠠ ᠶᠢᠨ | ᠰᠡᠭᠦᠯᠴᠢ ᠠᠴᠠ ᠡᠮᠦᠨ᠎ᠡ ᠡᠯ᠎ᠡ ᠱᠠᠲᠤᠨ ᠤ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠢ | ᠪᠦᠷᠢᠨᠰᠢᠭᠦᠯᠬᠦ ᠬᠡᠷᠡᠭᠲᠡᠢ︔ ᠡᠷᠴᠢᠮᠯᠢᠭ᠂ ᠪᠣᠷᠣᠭᠵᠢᠭᠤᠨ᠂ ᠪᠣᠳᠠᠲᠤ ᠬᠡᠷᠡᠭᠯᠡᠭᠡᠨ ᠤ ᠵᠠᠷᠴᠢᠮ ᠶᠣᠰᠣᠭᠠᠷ᠂ ᠵᠦᠢ | ᠵᠣᠬᠢᠰᠲᠠᠢ ᠲᠣᠣᠷ ᠬᠤᠪᠢᠶᠠᠷᠢᠯᠠᠵᠤ᠂ ᠬᠠᠪᠲᠠᠭᠠᠶᠢᠷᠠᠭᠤᠯᠬᠤ᠂ ᠨᠠᠷᠢᠯᠢᠭᠵᠢᠭᠤᠯᠬᠤ ᠬᠠᠮᠢᠶᠠᠷᠤᠯᠲᠠ ᠶᠢᠨ | ᠱᠠᠭᠠᠷᠳᠠᠯᠭ᠎ᠠ ᠶᠢ ᠪᠡᠶᠡᠯᠡᠭᠦᠯᠦᠨ᠎ᠡ︔ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠦᠷᠭᠦᠯᠵᠢᠯᠡᠨ | ᠬᠥᠭᠵᠢᠭᠦᠯᠦᠨ ᠪᠤᠵᠠᠭᠠᠶᠢᠷᠠᠭᠤᠯᠵᠤ᠂ ︽ᠨᠢᠭᠡ ᠲᠣᠰᠬᠤᠨ ᠳᠤ ᠨᠢᠭᠡ ᠲᠥᠷᠥ ᠶᠢᠨ ᠪᠣᠳᠣᠯᠭ᠎ᠠ︾ ᠪᠠᠶᠢᠬᠤ ᠶᠢ ᠴᠢᠩᠭ᠎ᠠ | ᠨᠠᠶᠢᠳᠠᠪᠤᠷᠢᠵᠢᠭᠤᠯᠤᠨ᠂ ᠵᠢᠯ ᠤᠨ ᠡᠴᠦᠰ ᠲᠤ ᠪᠦᠬᠦᠨ ᠢ 10 ᠲᠦᠮᠡᠨ ᠲᠥᠭᠦᠷᠢᠭ ᠠᠴᠠ ᠳᠡᠭᠡᠭᠰᠢ ᠬᠦᠷᠬᠦ ᠶᠢ | ᠦᠨᠡᠨᠬᠦ ᠪᠠᠲᠤᠯᠠᠨ᠎ᠠ︔ ᠲᠥᠪ᠂ ᠥᠪᠡᠷᠲᠡᠭᠡᠨ ᠵᠠᠰᠠᠬᠤ ᠣᠷᠣᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ | ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠲᠥᠷᠥᠯ ᠵᠦᠢᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠢᠷᠤᠮᠵᠢᠯ ᠲᠠᠢ | ᠬᠡᠷᠡᠭᠵᠢᠭᠦᠯᠬᠦ᠂ ᠪᠦᠲᠦᠮᠵᠢᠲᠡᠶ ᠠᠵᠢᠯᠯᠠᠬᠤ ᠶᠢ ᠠᠬᠢᠭᠤᠯᠬᠤ ᠬᠡᠷᠡᠭᠲᠡᠢ︔ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ︽ᠦᠷᠢᠰᠦᠯᠳᠦᠨ ᠣᠳᠣ ᠪᠣᠯᠢᠶᠠᠯᠳᠣᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ | ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠭᠴᠢ ᠶᠢᠨ ᠶᠡᠷᠦᠩᠬᠡᠶᠢᠯᠡᠭᠰᠡᠨ | ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ | ᠠᠵᠢᠯ ᠤᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠬᠦ ᠬᠡᠷᠡᠭᠲᠡᠢ᠃ ᠨᠢᠭᠡᠳᠦᠯᠲᠡᠢ ᠲᠦᠯᠦᠪᠯᠡᠵᠦ᠂ | ᠰᠢᠰᠲ᠋ᠧᠮ ᠲᠠᠢ ᠠᠬᠢᠭᠤᠯᠵᠤ᠂ ᠭᠤᠣᠯᠳᠠᠯᠭ᠎ᠠ ᠲᠠᠢ ᠬᠦᠴᠦᠨ ᠢ ᠨᠢᠭᠡᠳᠭᠡᠵᠦ᠂ ᠠᠰᠠᠭᠤᠳᠠᠯ ᠰᠢᠢᠳᠪᠦᠷᠢᠯᠡᠬᠦ ᠠᠷᠭ᠎ᠠ | ᠬᠡᠮᠵᠢᠶ᠎ᠡ᠂ ᠳᠦᠷᠢᠮ ᠤᠨ ᠪᠠᠶᠢᠭᠤᠯᠤᠯᠲᠠ᠂ ᠲᠦᠷᠦᠯ ᠲᠡᠮᠳᠡᠭ ᠡᠭᠦᠳᠬᠦ ᠲᠠᠯ᠎ᠠ ᠪᠠᠷ ᠬᠦᠴᠦᠯᠡᠨ ᠴᠢᠷᠮᠠᠶᠢᠵᠤ᠂ | ᠭᠤᠣᠯᠳᠠᠯᠭ᠎ᠠ ᠲᠠᠢ ᠬᠦᠴᠢᠷ ᠵᠦᠢᠯᠡᠰ ᠤᠨ ᠲᠠᠯ᠎ᠠ ᠪᠠᠷ ᠭᠦᠨᠵᠡᠭᠡᠢ ᠰᠢᠪᠲᠤᠯᠤᠯᠲᠠ ᠲᠠᠢ ᠪᠣᠯᠬᠤ ᠶᠢ ᠠᠬᠢᠭᠤᠯᠬᠤ | ᠬᠡᠷᠡᠭᠲᠡᠢ᠃ ᠮᠡᠳᠡᠭᠡ ᠵᠠᠩᠭᠢ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠥᠪᠡᠷᠮᠢᠴᠡ ᠣᠨᠴᠠᠯᠢᠭ ᠲᠠᠢ | ᠬᠢᠯᠠᠰ ᠴᠡᠭ ᠢ ᠲᠣᠪᠤᠶᠢᠯᠭᠠᠨ᠂ ᠨᠢᠭᠡ ᠪᠦᠯᠦᠭ ᠨᠡᠶᠢᠲᠡᠯᠢᠭ ᠲᠤᠷᠰᠢᠯᠭ᠎ᠠ ᠪᠠ ᠰᠠᠶᠢᠨ ᠠᠷᠭ᠎ᠠ ᠬᠢᠳᠡᠯ ᠢ ᠬᠦᠴᠦᠯᠡᠨ | ᠪᠣᠶ ᠪᠣᠯᠭᠠᠵᠤ᠂ ᠳᠣᠲᠣᠭᠠᠳᠤ ᠤᠬᠠᠭᠤᠯᠭ᠎ᠠ᠂ ᠭᠠᠳᠠᠭᠠᠳᠤ ᠤᠬᠠᠭᠤᠯᠭ᠎ᠠ ᠪᠠ ︽ᠰᠢᠨᠬᠤᠸᠠ ᠬᠤᠷᠢᠶ᠎ᠠ︾ ︽ | ᠠᠷᠠᠳ ᠤᠨ ᠰᠦᠯᠵᠢᠶ᠎ᠡ︾ ᠵᠡᠷᠭᠡ ᠲᠥᠪ ᠤᠨ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠨ᠂ ᠬᠤᠰᠢᠭᠤ | ᠳᠠᠶᠠᠭᠠᠷ ᠠᠳᠠᠯᠢᠳᠬᠠᠬᠤ ᠰᠤᠷᠤᠯᠴᠠᠬᠤ ᠭᠦᠶᠴᠡᠬᠦ ᠬᠠᠪᠰᠤᠷᠬᠤ ᠳᠠᠪᠠᠭ᠋ᠤ ᠠᠭᠤᠷ ᠠᠮᠢᠰᠬᠤᠯ ᠢ ᠪᠣᠶ ᠪᠣᠯᠭᠠᠬᠤ | ᠬᠡᠷᠡᠭᠲᠡᠢ ᠭᠡᠪᠡ᠃ | | |