5 ᠰᠠᠷ᠎ᠠ ᠶᠢᠨ 24 ᠤ ᠡᠳᠦᠷ᠂ ᠪᠠᠶᠠᠷᠲᠤᠬᠤᠰᠢᠭᠤ ᠪᠠᠯᠭᠠᠰᠤ ︽ᠲᠦᠮᠡᠨ ᠠᠵᠤ ᠠᠬᠤᠶᠢᠯᠠᠯ ᠢᠶᠠᠷ ᠲᠦᠮᠡᠨ | ᠲᠣᠰᠬᠤᠨ ᠢ ᠬᠥᠭᠵᠢᠭᠦᠯᠦᠨ ᠮᠠᠨᠳᠤᠭᠤᠯᠬᠤ︾ ᠲᠣᠰᠬᠤᠨ ᠪᠠ ᠠᠵᠤ ᠠᠬᠤᠶᠢᠯᠠᠯ ᠢ ᠵᠣᠯᠭᠠᠭᠤᠯᠬᠤ ᠰᠠᠭᠤᠳᠠᠯ ᠤᠨ | ᠬᠤᠷᠠᠯ ᠬᠢᠪᠡ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠬᠢᠯᠡᠭᠴᠢ ᠦ᠋ ᠴᠢᠩ ᠬᠠᠢ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠳᠡᠳ᠋ ᠡᠷᠬᠢᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠵᠠᠩ ᠶᠦᠩ | ᠴᠢᠶᠠᠩ᠂ ᠬᠤᠰᠢᠭᠤ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ ᠲᠤᠩᠭᠠᠯᠠᠭ᠂ ᠬᠤᠰᠢᠭᠤᠨ ᠤ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠪᠠᠶᠠᠷᠲᠤᠬᠤᠰᠢᠭᠤ ᠪᠠᠯᠭᠠᠰᠤ ᠶᠢᠨ ᠵᠠᠷᠢᠮ ᠭᠠᠴᠠᠭ᠎ᠠ ᠲᠣᠰᠬᠤᠨ ᠤ | ᠨᠠᠮ ᠤᠨ ᠡᠭᠦᠷ ᠤᠨ ᠱᠦᠵᠢ᠂ ᠬᠤᠯᠪᠣᠭ᠎ᠠ ᠪᠠᠶᠢᠭᠤᠯᠤᠭᠰᠠᠨ ᠠᠵᠤ ᠠᠬᠤᠶᠢᠯᠠᠯ ᠤᠨ ᠬᠠᠮᠢᠶ᠎ᠠ ᠪᠦᠬᠦᠢ | ᠬᠠᠷᠢᠭᠤᠴᠠᠯᠭᠠᠲᠠᠳ ᠬᠤᠷᠠᠯ ᠳᠤ ᠤᠷᠤᠯᠴᠠᠪᠠ᠃ | | ᠰᠠᠭᠤᠳᠠᠯ ᠤᠨ ᠬᠤᠷᠠᠯ ᠳᠡᠭᠡᠷ᠎ᠡ᠂ ᠡᠯ᠎ᠡ ᠬᠠᠪᠰᠤᠷᠤᠨ ᠲᠡᠳᠬᠦᠬᠦ ᠠᠵᠤ ᠠᠬᠤᠶᠢᠯᠠᠯ ᠤᠨ ᠬᠢᠨ | ᠪᠠᠶᠠᠷᠲᠤᠬᠤᠰᠢᠭᠤ ᠪᠠᠯᠭᠠᠰᠤᠨ ᠤ ᠵᠠᠷᠢᠮ ᠭᠠᠴᠠᠭ᠎ᠠ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ︔ ᠬᠠᠪᠰᠤᠷᠤᠨ | ᠲᠡᠳᠬᠦᠬᠦ ᠠᠵᠤ ᠠᠬᠤᠶᠢᠯᠠᠯ ᠠᠴᠠ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ | ᠠᠵᠢᠯᠯᠠᠭ᠎ᠠ ᠶᠢᠨ ᠲᠣᠭᠤᠷᠢᠨ ᠳᠤ᠂ ︽ᠲᠣᠰᠬᠤᠨ ᠠᠵᠤ ᠠᠬᠤᠶᠢᠯᠠᠯ ᠢ ᠵᠣᠯᠭᠠᠭᠤᠯᠬᠤ︾᠂ ᠲᠤᠰ ᠪᠡᠶ᠎ᠡ ᠶᠢᠨ | ᠳᠠᠪᠠᠭᠤᠯᠢᠭ ᠢᠶᠠᠨ ᠪᠠᠳᠠᠷᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ | ᠲᠤᠬᠠᠢ ᠢᠳᠡᠪᠬᠢᠲᠡᠢ ᠰᠠᠨᠠᠯ ᠢᠶᠠᠨ ᠢᠯᠡᠳᠭᠡᠪᠡ︔ ᠡᠯ᠎ᠡ ᠭᠠᠴᠠᠭᠠᠨ ᠤ ᠬᠠᠷᠢᠭᠤᠴᠠᠯᠭᠠᠲᠠᠳ ᠭᠠᠴᠠᠭᠠᠨ ᠤ ᠦᠨᠳᠦᠰᠦᠨ | ᠪᠠᠶᠢᠳᠠᠯ ᠪᠠ ᠢᠷᠡᠭᠡᠳᠦᠢ ᠶᠢᠨ ᠲᠥᠯᠦᠪᠵᠢᠭᠦᠯᠭᠡ ᠶᠢᠨ ᠰᠡᠳᠬᠢᠮᠵᠢ ᠪᠠᠨ ᠲᠠᠨᠢᠯᠴᠠᠭᠤᠯᠪᠠ᠃ | | ᠦ᠋ ᠴᠢᠩ ᠬᠠᠢ ᠱᠠᠭᠠᠷᠳᠠᠭᠰᠠᠨ ᠨᠢ᠂ ᠪᠠᠶᠠᠷᠲᠤᠬᠤᠰᠢᠭᠤ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ | ᠮᠠᠨᠳᠤᠭᠤᠯᠬᠤ︾ ᠠᠵᠢᠯᠯᠠᠭ᠎ᠠ ᠶᠢ ᠡᠳᠦᠷ ᠳᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠨᠠᠷᠢᠨ | ᠬᠢᠨᠠᠮᠠᠭᠠᠢ ᠰᠤᠳᠤᠯᠤᠨ ᠰᠦᠪᠡᠭᠴᠢᠯᠡᠵᠦ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠵᠣᠬᠢᠶᠠᠨ ᠪᠠᠶᠢᠭᠤᠯᠤᠯᠲᠠ | ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠵᠦ᠂ ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠳᠬᠠᠵᠤ᠂ ᠦᠨᠡᠨᠬᠦ | ᠶᠠᠪᠤᠭᠳᠠᠭᠤᠰᠢᠲᠠᠢ᠂ ᠭᠠᠵᠠᠷ ᠣᠷᠣᠨ ᠤ ᠪᠠᠶᠢᠳᠠᠯ ᠳᠤ ᠲᠤᠬᠢᠷᠠᠬᠤ᠂ ᠲᠣᠰᠬᠤᠨ ᠤ ᠪᠠᠶᠢᠳᠠᠯ ᠳᠤ ᠲᠤᠬᠢᠷᠠᠬᠤ ᠪᠣᠳᠠᠲᠠᠢ | ᠬᠡᠷᠡᠭᠵᠢᠭᠦᠯᠬᠦ ᠲᠥᠰᠥᠯ ᠪᠣᠯᠣᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠪᠣᠳᠠᠲᠠᠢ ᠪᠥᠭᠡᠳ ᠨᠠᠷᠢᠯᠢᠭ ᠬᠢᠵᠦ | ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠬᠡᠷᠡᠭᠲᠡᠢ᠃ ᠡᠯ᠎ᠡ ᠭᠠᠴᠠᠭ᠎ᠠ ᠲᠣᠰᠬᠤᠨ ᠤ ᠬᠢᠨ | ᠢᠳᠡᠪᠬᠢᠲᠡᠢ ᠪᠠᠷ ᠬᠠᠮᠵᠢᠯᠴᠠᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠡᠪᠲᠡᠷᠡᠯᠴᠡᠨ ᠰᠣᠯᠢᠯᠴᠠᠬᠤ ᠪᠠᠨ | ᠴᠢᠩᠭᠠᠳᠬᠠᠵᠤ᠂ ᠬᠥᠭᠵᠢᠯᠲᠡ ᠶᠢᠨ ᠠᠵᠠ ᠲᠣᠬᠢᠶᠠᠯ ᠢ ᠰᠠᠶᠢᠲᠤᠷ ᠡᠵᠡᠮᠳᠡᠨ᠂ ᠦᠵᠡᠯ ᠰᠠᠨᠠᠭ᠎ᠠ | ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠭᠠᠴᠠᠭ᠎ᠠ ᠲᠣᠰᠬᠤᠨ ᠤ ᠡᠬᠢ ᠪᠠᠶᠠᠯᠢᠭ ᠤᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠤᠨ᠂ ᠦᠨᠡᠨ ᠠᠴᠠ ᠵᠥᠪ ᠢ ᠡᠷᠢᠬᠦ᠂ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ᠂ | ᠣᠯᠠᠨ ᠲᠦᠮᠡᠨ ᠤ ᠬᠦᠰᠡᠨ ᠡᠷᠡᠮᠡᠯᠵᠡᠵᠦ ᠪᠠᠶᠢᠭ᠎ᠠ ᠰᠠᠶᠢᠨ ᠲᠥᠷᠥᠯ ᠵᠦᠢᠯ ᠢ ᠰᠤᠳᠤᠯᠤᠨ ᠭᠠᠷᠭᠠᠬᠤ ᠬᠡᠷᠡᠭᠲᠡᠢ᠃ | ᠡᠯ᠎ᠡ ᠠᠵᠤ ᠠᠬᠤᠶᠢᠯᠠᠯ ᠬᠢᠨ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠡᠬᠢ ᠪᠠᠶᠠᠯᠢᠭ ᠤᠨ | ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠠᠬᠤᠶᠢᠯᠠᠯ ᠤᠨ ᠲᠤᠰ ᠪᠡᠶ᠎ᠡ ᠶᠢᠨ ᠣᠨᠴᠠᠯᠢᠭ ᠲᠠᠢ ᠪᠠᠨ ᠤᠶᠠᠯᠳᠤᠭᠤᠯᠵᠤ᠂ | ᠨᠢᠭᠡᠳᠦᠯᠲᠡᠢ ᠲᠥᠯᠥᠪᠵᠢᠭᠦᠯᠵᠦ᠂ ᠵᠦᠢ ᠵᠣᠬᠢᠰᠲᠠᠢ ᠲᠥᠯᠥᠪᠯᠡᠵᠦ᠂ ︽ᠲᠦᠮᠡᠨ ᠠᠵᠤ ᠠᠬᠤᠶᠢᠯᠠᠯ ᠢᠶᠠᠷ ᠲᠦᠮᠡᠨ | ᠲᠣᠰᠬᠤᠨ ᠢ ᠮᠠᠨᠳᠤᠭᠤᠯᠬᠤ︾ ᠠᠵᠢᠯᠯᠠᠭ᠎ᠠ ᠳᠤ ᠭᠦᠨᠵᠡᠭᠡᠢ ᠣᠷᠣᠯᠴᠠᠵᠤ᠂ ᠶᠠᠳᠠᠭᠤ ᠠᠴᠠ ᠠᠩᠬᠢᠵᠢᠷᠠᠭᠤᠯᠬᠤ | ᠪᠣᠭᠤᠮᠲᠠ ᠰᠢᠪᠳᠤᠯᠤᠭᠰᠠᠨ ᠢᠶᠠᠨ ᠪᠠᠬᠢᠵᠢᠭᠦᠯᠬᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ | ᠪᠤᠵᠠᠭᠠᠶᠢᠷᠠᠭᠤᠯᠬᠤ᠂ ᠠᠵᠤ ᠦᠢᠯᠡᠰ ᠤᠨ ᠬᠥᠭᠵᠢᠯᠲᠡ᠂ ᠠᠵᠢᠯ ᠣᠯᠭᠤᠯᠲᠠ ᠣᠷᠣᠯᠭ᠎ᠠ ᠶᠢᠨ ᠨᠡᠮᠡᠭᠳᠡᠯ ᠪᠣᠯᠣᠨ | ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠲᠠᠢ ᠤᠶᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ᠃ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠬᠢᠨ | ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢᠨ ᠠᠵᠢᠯ ᠤᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠵᠢᠯᠣᠭᠤᠳᠤᠯᠭ᠎ᠠ ᠪᠠᠨ | ᠴᠢᠩᠭᠠᠳᠬᠠᠨ᠂ ᠨᠠᠷᠢᠨ ᠨᠢᠮᠪᠠᠢ ᠲᠥᠯᠥᠪᠵᠢᠭᠦᠯᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ | ᠪᠠᠳᠠᠷᠠᠭᠤᠯᠤᠨ᠂ ᠪᠥᠬᠦ ᠬᠤᠰᠢᠭᠤᠨ ᠤ ᠥᠷᠭᠡᠨ ᠣᠯᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠵᠣᠬᠢᠶᠠᠨ | ᠪᠠᠶᠢᠭᠤᠯᠤᠨ ᠳᠠᠭᠠᠭᠤᠯᠵᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢᠶᠠᠨ | ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠪᠥᠬᠦ ᠲᠠᠯ᠎ᠠ ᠶᠢᠨ ᠬᠥᠭᠵᠢᠯ ᠮᠠᠨᠳᠤᠯ ᠢ ᠦᠷᠭᠦᠯᠵᠢᠯᠡᠨ | ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | | ᠬᠤᠷᠠᠯ ᠳᠡᠭᠡᠷ᠎ᠡ᠂ ᠬᠤᠯᠪᠤᠭ᠎ᠠ ᠪᠠᠶᠢᠭᠤᠯᠤᠭᠰᠠᠨ ᠠᠵᠤ ᠠᠬᠤᠶᠢᠯᠠᠯ ᠭᠠᠴᠠᠭ᠎ᠠ ᠲᠣᠰᠬᠤᠨ ᠲᠠᠢ ︽ᠲᠦᠮᠡᠨ | ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠬᠦ︾ ᠠᠵᠢᠯᠯᠠᠭᠠᠨ ᠤ ᠬᠡᠯᠡᠯᠴᠡᠭᠡᠷ ᠤᠨ ᠪᠢᠴᠢᠭ ᠲᠤ | ᠭᠠᠷ ᠤᠨ ᠥᠰᠥᠭ ᠵᠢᠷᠤᠪᠠ᠃ |