| 5 ᠰᠠᠷ᠎ᠠ ᠶᠢᠨ 24 ᠤ ᠡᠳᠦᠷ᠂ ᠵᠠᠷᠤᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠸᠠᠩ ᠴᠧᠩ ᠪᠦᠯᠦᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠳᠠᠭᠠᠭᠤᠯᠤᠨ ᠪᠥᠬᠦ | ᠬᠤᠰᠢᠭᠤᠨ ᠤ ᠤᠰᠤᠨ ᠤ ᠡᠬᠢ ᠪᠠᠶᠠᠯᠢᠭ ᠢ ᠠᠷᠪᠢᠯᠠᠬᠤ ᠡᠷᠴᠢᠮᠵᠢᠭᠦᠯᠦᠨ ᠠᠰᠢᠭᠯᠠᠵᠤ ᠪᠠᠶᠢᠭ᠎ᠠ ᠪᠠᠶᠢᠳᠠᠯ ᠳᠤ | ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠯᠦᠪᠧᠢ ᠭᠤᠣᠯ ᠤᠨ ᠬᠤᠶᠢᠲᠤ ᠳᠠᠬᠢ ᠤᠰᠤ | ᠬᠠᠩᠭᠠᠬᠤ ᠦᠢᠯᠡᠳᠪᠦᠷᠢ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠬᠠᠢ ᠳ᠋ᠢ ᠯᠠᠤ ᠢᠳᠡᠭᠡᠨ ᠤ ᠬᠢᠵᠠᠭᠠᠷᠲᠤ | ᠺᠣᠮᠫᠠᠨᠢ᠂ ᠯᠦᠪᠧᠢ ᠪᠠᠯᠭᠠᠰᠤᠨ ᠤ ᠰᠢᠶᠣᠣ ᠵᠢᠩ ᠽᠢ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠤᠰᠤ ᠠᠷᠪᠢᠯᠠᠬᠤ ᠤᠰᠤᠯᠠᠯᠲᠠ ᠶᠢᠨ ᠲᠦᠷᠦᠯ ᠵᠦᠢᠯ ᠤᠨ ᠣᠷᠣᠨ ᠵᠡᠷᠭᠡ | ᠭᠠᠵᠠᠷ ᠲᠤ ᠬᠦᠷᠴᠦ᠂ ᠰᠠᠭᠤᠭᠠᠯᠢ ᠠᠷᠠᠳ ᠤᠨ ᠤᠰᠤ ᠬᠡᠷᠡᠭᠯᠡᠬᠦ᠂ ᠤᠰᠤᠨ ᠤ ᠡᠬᠢ ᠪᠠᠶᠠᠯᠢᠭ ᠢ ᠳᠠᠬᠢᠨ ᠠᠰᠢᠭᠯᠠᠬᠤ | ᠂ ᠠᠵᠤ ᠦᠢᠯᠡᠳᠪᠦᠷᠢ ᠶᠢᠨ ᠤᠰᠤ ᠬᠡᠷᠡᠭᠯᠡᠬᠦ᠂ ᠲᠠᠷᠢᠶᠠᠯᠠᠩ ᠤᠨ ᠤᠰᠤᠯᠠᠯᠲᠠ ᠵᠡᠷᠭᠡ ᠲᠠᠯ᠎ᠠ ᠶᠢᠨ ᠤᠰᠤᠨ ᠤ ᠡᠬᠢ | ᠪᠠᠶᠠᠯᠢᠭ ᠢ ᠠᠷᠪᠢᠯᠠᠬᠤ ᠡᠷᠴᠢᠮᠵᠢᠭᠦᠯᠦᠨ ᠠᠰᠢᠭᠯᠠᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ | | ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠳᠠᠭᠤᠰᠤᠭᠰᠠᠨ ᠤ ᠳᠠᠷᠠᠭ᠎ᠠ᠂ ᠰᠢᠨ᠎ᠡ ᠪᠠᠷ | ᠪᠠᠶᠢᠭᠤᠯᠤᠭᠰᠠᠨ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤᠨ ᠤ ᠡᠲᠡᠭᠡᠳ ᠢᠯᠭᠠᠯ ᠤᠨ ︽ᠭᠡᠰᠢᠭᠦᠨ ᠤ ᠭᠡᠷ | ︾ ᠲᠤ ᠰᠠᠭᠤᠳᠠᠯ ᠤᠨ ᠬᠤᠷᠠᠯ ᠬᠢᠵᠦ᠂ ᠬᠤᠷᠠᠯ ᠳᠤ ᠣᠷᠣᠯᠴᠠᠭᠰᠠᠳ ᠪᠥᠬᠦ ᠬᠤᠰᠢᠭᠤᠨ ᠤ ᠤᠰᠤᠨ ᠤ ᠡᠬᠢ | ᠪᠠᠶᠠᠯᠢᠭ ᠢ ᠠᠷᠪᠢᠯᠠᠬᠤ ᠡᠷᠴᠢᠮᠵᠢᠭᠦᠯᠦᠨ ᠠᠰᠢᠭᠯᠠᠵᠤ ᠪᠠᠶᠢᠭ᠎ᠠ ᠪᠠᠶᠢᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠨ | ᠶᠠᠷᠢᠯᠴᠠᠪᠠ᠃ | | ᠸᠠᠩ ᠴᠧᠩ ᠱᠠᠭᠠᠷᠳᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ | ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠤᠰᠤᠨ ᠤ ᠡᠬᠢ ᠪᠠᠶᠠᠯᠢᠭ ᠢ ᠠᠷᠪᠢᠯᠠᠬᠤ ᠡᠷᠴᠢᠮᠵᠢᠭᠦᠯᠦᠨ | ᠠᠰᠢᠭᠯᠠᠬᠤ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠤᠰᠤᠨ ᠤ ᠡᠬᠢ ᠪᠠᠶᠠᠯᠢᠭ ᠢ ᠠᠷᠪᠢᠯᠠᠬᠤ ᠡᠷᠴᠢᠮᠵᠢᠭᠦᠯᠦᠨ ᠠᠰᠢᠭᠯᠠᠬᠤ ᠶᠢᠨ ᠴᠢᠬᠤᠯᠠ ᠠᠴᠢ | ᠬᠤᠯᠪᠣᠭᠳᠠᠯ ᠢ ᠭᠦᠢᠴᠡᠳ ᠲᠠᠨᠢᠵᠤ᠂ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠪᠠ ᠵᠦᠢ | ᠵᠣᠬᠢᠰᠲᠠᠢ ᠠᠰᠢᠭᠯᠠᠬᠤ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ ᠤᠯᠠᠮ | ᠨᠢᠭᠡ ᠠᠯᠬᠤᠮ ᠲᠣᠳᠣᠷᠬᠠᠶᠢᠯᠠᠵᠤ᠂ ᠤᠰᠤᠨ ᠤ ᠡᠬᠢ ᠪᠠᠶᠠᠯᠢᠭ ᠢ ᠠᠷᠪᠢᠯᠠᠬᠤ ᠡᠷᠴᠢᠮᠵᠢᠭᠦᠯᠦᠨ ᠠᠰᠢᠭᠯᠠᠬᠤ ᠲᠤᠰᠬᠠᠢ | ᠰᠡᠳᠦᠪᠲᠦ ᠵᠥᠪᠳᠡᠯᠴᠡᠨ ᠬᠢᠨᠠᠯᠲᠠ ᠲᠠᠯᠪᠢᠬᠤ ᠪᠠᠶᠢᠴᠠᠭᠠᠨ ᠰᠤᠳᠤᠯᠤᠯᠲᠠ ᠶᠢᠨ ᠨᠠᠷᠢᠨ ᠳᠠᠩᠰᠠ ᠲᠠᠢ ᠬᠠᠷᠢᠴᠠᠭᠤᠯᠤᠨ᠂ | ᠤᠰᠤᠨ ᠤ ᠡᠬᠢ ᠪᠠᠶᠠᠯᠢᠭ ᠢ ᠠᠷᠪᠢᠯᠠᠬᠤ ᠡᠷᠴᠢᠮᠵᠢᠭᠦᠯᠦᠨ ᠠᠰᠢᠭᠯᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠦᠢᠯ ᠳᠠᠷᠠᠭᠠᠯᠠᠨ ᠡᠮᠬᠢᠯᠡᠵᠦ᠂ ᠳᠣᠲᠠᠭᠳᠠᠯ ᠪᠠ ᠬᠦᠷᠦᠯᠴᠡᠬᠦ ᠦᠭᠡᠢ | ᠲᠠᠯ᠎ᠠ ᠪᠠᠨ ᠡᠷᠢᠵᠦ᠂ ᠰᠠᠨᠠᠯ ᠰᠠᠨᠠᠭᠤᠯᠭ᠎ᠠ ᠳᠤᠷᠠᠳᠬᠤ ᠬᠡᠷᠡᠭᠲᠡᠢ ᠭᠡᠪᠡ᠃ | | ᠸᠠᠩ ᠴᠧᠩ ᠴᠢᠬᠤᠯᠠᠴᠢᠯᠠᠭᠰᠠᠨ ᠨᠢ᠂ ︽ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ ᠢ ᠪᠠᠷᠢᠮᠲᠠᠯᠠᠵᠤ᠂ | ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠤᠨ᠂ ᠮᠡᠷᠭᠡᠵᠢᠯ ᠤᠨ ᠦᠷ᠎ᠡ ᠪᠦᠲᠦᠭᠡᠯ ᠢᠶᠠᠨ | ᠠᠵᠤ ᠦᠶᠢᠯᠡᠰᠵᠢᠭᠦᠯᠬᠦ ᠶᠢ ᠠᠬᠢᠭᠤᠯᠵᠤ᠂ ᠤᠰᠤ ᠠᠷᠪᠢᠯᠠᠬᠤ ᠬᠡᠯᠪᠡᠷᠢ ᠶᠢᠨ ᠦᠢᠯᠡᠳᠪᠦᠷᠢᠯᠡᠯ ᠠᠮᠢᠳᠤᠷᠠᠯ ᠤᠨ | ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ᠂ ᠤᠰᠤ ᠶᠢ ᠳᠠᠬᠢᠨ ᠰᠠᠶᠢᠲᠤᠷ ᠨᠡᠭᠡᠭᠡᠨ ᠠᠰᠢᠭᠯᠠᠵᠤ᠂ ᠤᠰᠤᠨ ᠤ | ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠢᠶᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠲᠠᠷᠢᠶᠠᠯᠠᠩ ᠤᠨ ᠤᠰᠤ | ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠳᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠬᠤᠲᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ | ᠪᠠᠭᠠᠰᠬᠠᠬᠤ ᠶᠢ ᠪᠦᠭᠦ ᠲᠠᠯ᠎ᠠ ᠪᠠᠷ ᠠᠬᠢᠭᠤᠯᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠰᠢᠨ᠎ᠡ ᠬᠡᠯᠪᠡᠷᠢ ᠶᠢᠨ | ᠬᠥᠭᠵᠢᠯᠲᠡ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠤᠰᠤ ᠬᠡᠷᠡᠭᠯᠡᠬᠦ ᠠᠷᠭ᠎ᠠ ᠬᠡᠯᠪᠡᠷᠢ ᠪᠦᠳᠦᠭᠦᠯᠢᠭ | ᠪᠥᠭᠡᠳ ᠦᠷ᠎ᠡ ᠠᠰᠢᠭ ᠳᠣᠣᠷ᠎ᠠ ᠪᠠᠶᠢᠭᠰᠠᠨ ᠠᠴᠠ ᠠᠷᠪᠢᠲᠠᠢ ᠡᠷᠴᠢᠮᠯᠢᠭ ᠪᠣᠯᠭᠠᠨ ᠬᠤᠪᠢᠷᠠᠭᠤᠯᠬᠤ ᠶᠢ ᠠᠬᠢᠭᠤᠯᠵᠤ᠂ | ᠪᠦᠭᠦ ᠬᠤᠰᠢᠭᠤᠨ ᠤ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠳᠡᠮᠵᠢᠬᠦ ᠬᠡᠷᠡᠭᠲᠡᠢ | ᠭᠡᠪᠡ᠃ | | | |