| 5 ᠰᠠᠷ᠎ᠠ ᠶᠢᠨ 25 ᠤ ᠡᠳᠦᠷ᠂ ᠵᠠᠷᠤᠳ ᠬᠤᠰᠢᠭᠤ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ | ᠠᠵᠢᠯ ᠢ ᠠᠬᠢᠭᠤᠯᠬᠤ ᠬᠤᠷᠠᠯ ᠬᠢᠵᠦ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠡᠯ᠎ᠡ ᠵᠣᠬᠢᠴᠠᠭᠤᠯᠤᠨ | ᠠᠬᠢᠭᠤᠯᠬᠤ ᠨᠢᠭᠡᠴᠡ ᠪᠠ ︽ᠳᠣᠯᠤᠭ᠎ᠠ ᠳᠤ ᠣᠷᠣᠭᠤᠯᠬᠤ︾ ᠠᠵᠢᠯ ᠤᠨ ᠲᠦᠷᠦᠭᠦᠯᠡᠨ ᠬᠢᠬᠦ ᠨᠢᠭᠡᠴᠡ ᠶᠢᠨ ᠬᠢᠨ | ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ | ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ | ᠯᠢᠦ ᠰᠢ ᠯᠢᠨ ᠬᠤᠷᠠᠯ ᠡᠷᠭᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠶᠣᠣ ᠼᠠᠢ ᠶᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠠᠷᠢᠭᠤᠨ ᠴᠢᠬᠡᠴᠢ | ᠰᠣᠶᠣᠯ ᠤᠨ ᠪᠠᠶᠢᠭᠤᠯᠤᠯᠲᠠ ᠶᠢᠨ ᠠᠵᠢᠯ ᠢ ᠵᠣᠬᠢᠴᠠᠭᠤᠯᠤᠨ ᠠᠬᠢᠭᠤᠯᠬᠤ ᠡᠯ᠎ᠡ ᠨᠢᠭᠡᠴᠡ ᠪᠠ ᠬᠤᠰᠢᠭᠤᠨ ᠤ | ᠠᠷᠢᠭᠤᠨ ᠴᠢᠬᠡᠴᠢ ᠰᠣᠶᠣᠯ ᠢ ︽ᠳᠣᠯᠤᠭ᠎ᠠ ᠳᠤ ᠣᠷᠣᠭᠤᠯᠬᠤ︾ ᠠᠵᠢᠯ ᠢ ᠠᠬᠢᠭᠤᠯᠬᠤ ᠳᠤᠭᠤᠶᠢᠯᠠᠩ ᠤᠨ ᠬᠠᠮᠢᠶ᠎ᠠ | ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | ᠯᠢᠦ ᠰᠢ ᠯᠢᠨ ᠵᠢᠭᠠᠪᠣᠷᠢᠯᠠᠭᠰᠠᠨ ᠨᠢ᠂ ᠡᠯ᠎ᠡ ᠲᠦᠷᠦᠭᠦᠯᠡᠨ ᠬᠢᠬᠦ ᠨᠢᠭᠡᠴᠡ ᠶᠢᠨ ᠬᠢᠨ ᠶᠡᠷᠦᠩᠬᠡᠢ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠣᠬᠢᠴᠠᠭᠤᠯᠤᠨ ᠬᠠᠮᠲᠤᠷᠠᠯᠴᠠᠬᠤ ᠪᠠᠨ ᠴᠢᠩᠭᠠᠳᠬᠠᠵᠤ᠂ ᠠᠵᠢᠯ ᠤᠨ | ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠵᠢᠯᠯᠠᠭ᠎ᠠ ᠶᠢ ᠪᠣᠳᠠᠲᠠᠢ ᠨᠠᠶᠢᠳᠠᠪᠤᠷᠢᠵᠢᠭᠤᠯᠵᠤ᠂ ᠵᠣᠬᠢᠶᠠᠨ | ᠪᠠᠶᠢᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠵᠤ᠂ ᠵᠢᠯᠣᠭᠤᠳᠤᠯᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ | ᠡᠯ᠎ᠡ ᠰᠠᠯᠠᠭ᠎ᠠ ᠮᠥᠴᠢᠷ ᠨᠢᠭᠡᠴᠡ ᠬᠢᠨ ᠴᠠᠭ ᠤᠨ ᠦᠵᠡᠯᠲᠡ᠂ ᠲᠡᠷᠢᠭᠦᠨ ᠳᠤ ᠣᠷᠣᠬᠤ ᠪᠠᠷ ᠴᠢᠷᠮᠠᠶᠢᠬᠤ | ᠤᠬᠠᠮᠰᠠᠷ ᠢᠶᠠᠨ ᠴᠢᠩᠭᠠᠳᠬᠠᠵᠤ᠂ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢᠨ ᠶᠣᠰᠣᠭᠠᠷ ᠴᠠᠭ | ᠬᠤᠭᠤᠴᠠᠭ᠎ᠠ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠠᠵᠢᠯ ᠤᠨ ᠬᠤᠭᠤᠴᠠᠭ᠎ᠠ ᠪᠠᠨ ᠲᠣᠩᠭᠤᠷᠤᠭᠤᠯᠤᠨ | ᠵᠢᠭᠰᠠᠭᠠᠵᠤ᠂ ᠵᠢᠷᠤᠭ ᠲᠦᠰᠦᠯ ᠢᠶᠠᠷ ᠠᠵᠢᠯᠯᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠥᠨᠳᠥᠷ | ᠪᠦᠲᠦᠮᠵᠢᠲᠡᠶ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠠᠵᠢᠯ ᠤᠨ ᠲᠠᠯ᠎ᠠ ᠪᠠᠷ ᠰᠢᠨ᠎ᠡ ᠶᠢ | ᠡᠭᠦᠳᠬᠦ᠂ ᠰᠡᠳᠬᠢᠴᠡ ᠶᠢᠨ ᠲᠠᠯ᠎ᠠ ᠪᠠᠷ ᠰᠢᠨ᠎ᠡ ᠶᠢ ᠡᠭᠦᠳᠬᠦ᠂ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ | ᠴᠢᠩᠭᠠᠳᠬᠠᠵᠤ᠂ ᠭᠤᠣᠯᠳᠠᠯᠭ᠎ᠠ ᠶᠢ ᠠᠳᠬᠤᠵᠤ᠂ ᠠᠷᠢᠭᠤᠨ ᠴᠢᠬᠡᠴᠢ ᠶᠢᠨ ᠬᠥᠮᠦᠵᠢᠯ᠂ ᠰᠡᠷᠡᠮᠵᠢᠯᠡᠭᠦᠯᠬᠦ | ᠬᠥᠮᠦᠵᠢᠯ ᠤᠨ ᠵᠡᠷᠭᠡ ᠳᠡᠰ ᠴᠢᠨᠠᠷ ᠪᠠ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ︔ ᠲᠤᠷᠰᠢᠯᠲᠠ ᠶᠢᠨ | ᠴᠡᠭ ᠪᠣᠶᠢᠵᠢᠭᠤᠯᠵᠤ᠂ ᠵᠢᠱᠢᠶ᠎ᠡ ᠦᠵᠡᠭᠦᠯᠬᠦ᠂ ᠬᠥᠲᠥᠯᠥᠨ ᠵᠢᠯᠤᠭᠤᠳᠬᠤ ᠪᠠ ᠤᠬᠠᠭᠤᠯᠬᠤ ᠦᠢᠯᠡᠳᠦᠯ ᠦᠵᠡᠭᠦᠯᠬᠦ | ᠬᠡᠷᠡᠭᠲᠡᠢ︔ ᠬᠢᠯᠠᠰ ᠴᠡᠭ ᠢ ᠡᠭᠦᠳᠴᠦ᠂ ᠨᠡᠶᠢᠭᠡᠮ ᠳᠡᠭᠡᠷ᠎ᠡ ᠨᠢᠭᠡ ᠪᠦᠯᠦᠭ ᠨᠥᠯᠥᠭᠡ ᠶᠡᠬᠡᠲᠡᠢ ᠠᠷᠢᠭᠤᠨ ᠴᠢᠬᠡᠴᠢ | ᠰᠣᠶᠣᠯ ᠤᠨ ᠰᠣᠳᠣᠨ ᠵᠦᠢᠯᠡᠰ ᠢ ᠭᠠᠷᠭᠠᠵᠤ᠂ ᠨᠢᠭᠡ ᠪᠦᠯᠦᠭ ᠰᠢᠯᠭᠠᠷᠠᠭᠰᠠᠨ ︽ᠳᠤᠯᠤᠭ᠎ᠠ ᠳᠤ ᠣᠷᠣᠭᠤᠯᠣᠭᠰᠠᠨ︾ | ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠦᠯᠢᠭᠡᠷ ᠳᠠᠭᠤᠷᠢᠶᠠᠯ ᠢ ᠬᠦᠮᠦᠵᠢᠭᠦᠯᠬᠦ ᠬᠡᠷᠡᠭᠲᠡᠢ᠃ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ | ᠬᠡᠨ ᠬᠠᠮᠢᠶᠠᠷᠪᠠᠯ ᠬᠡᠨ ᠬᠠᠷᠢᠭᠤᠴᠠᠬᠤ᠂ ᠬᠡᠨ ᠬᠢᠨᠠᠨ ᠬᠠᠷᠭᠤᠭᠤᠯᠪᠠᠯ ᠬᠡᠨ ᠬᠠᠷᠢᠭᠤᠴᠠᠬᠤ᠂ ᠬᠡᠨ ᠨᠡᠶᠢᠲᠡᠯᠡᠪᠡᠯ ᠬᠡᠨ | ᠬᠠᠷᠢᠭᠤᠴᠠᠬᠤ︾ ᠵᠠᠷᠴᠢᠮ ᠢ ᠴᠢᠩᠭ᠎ᠠ ᠵᠢᠷᠤᠮᠯᠠᠵᠤ᠂ ᠠᠷᠢᠭᠤᠨ ᠴᠢᠬᠡᠴᠢ ᠰᠣᠶᠣᠯ ᠤᠨ ᠤᠬᠠᠭᠤᠯᠭ᠎ᠠ ᠶᠢᠨ ᠠᠵᠢᠯ ᠢ | ᠴᠢᠩᠭ᠎ᠠ ᠬᠢᠨᠠᠨ ᠬᠠᠷᠭᠤᠭᠤᠯᠵᠤ ᠪᠣᠭᠤᠮᠲᠠ ᠶᠢ ᠴᠢᠩᠭ᠎ᠠ ᠠᠳᠬᠤᠵᠤ᠂ ᠴᠢᠭᠯᠡᠯ ᠨᠢ ᠵᠥᠪ᠂ ᠤᠳᠤᠷᠢᠳᠤᠮᠵᠢ ᠨᠢ ᠢᠯᠡ | ᠲᠣᠳᠣ᠂ ᠠᠭᠤᠯᠭ᠎ᠠ ᠨᠢ ᠨᠠᠷᠢᠯᠢᠭ ᠣᠨᠣᠴᠠᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠡᠯ᠎ᠡ ᠵᠣᠬᠢᠴᠠᠭᠤᠯᠤᠨ | ᠠᠬᠢᠭᠤᠯᠬᠤ ᠨᠢᠭᠡᠴᠡ ᠪᠠ ︽ᠳᠤᠯᠤᠭ᠎ᠠ ᠳᠤ ᠣᠷᠣᠭᠤᠯᠬᠤ︾ ᠲᠦᠷᠦᠭᠦᠯᠡᠨ ᠬᠢᠬᠦ ᠨᠢᠭᠡᠴᠡ ᠬᠢᠨ ᠦᠪᠡᠷ ᠦᠪᠡᠷ ᠤᠨ | ᠠᠵᠢᠯ ᠲᠦᠷᠦᠯ ᠤᠨ ᠰᠢᠰᠲ᠋ᠧᠮ ᠤᠨ ᠬᠦᠷᠢᠶᠡᠨ ᠳᠠᠬᠢ ᠬᠢᠨᠠᠯᠲᠠ ᠪᠠᠶᠢᠴᠠᠭᠠᠯᠲᠠ ᠪᠠ ᠵᠠᠳᠠᠯᠤᠨ ᠰᠤᠳᠤᠯᠵᠤ | ᠮᠠᠭᠠᠳᠯᠠᠬᠤ ᠪᠠᠨ ᠴᠢᠩᠭᠠᠳᠬᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠴᠠᠭ ᠲᠤᠬᠠᠢ ᠳᠤᠨᠢ ᠰᠠᠨᠠᠯ | ᠰᠠᠨᠠᠭᠤᠯᠭ᠎ᠠ ᠳᠤᠷᠠᠳᠴᠤ᠂ ᠪᠠᠶᠢᠷᠢᠯᠠᠭᠤᠯᠤᠯᠲᠠ ᠲᠠᠢ᠂ ᠠᠵᠢᠯᠯᠠᠭ᠎ᠠ ᠲᠠᠢ᠂ ᠨᠠᠶᠢᠳᠠᠪᠤᠷᠢᠵᠢᠭᠤᠯᠤᠯᠲᠠ ᠲᠠᠢ ᠪᠠᠶᠢᠬᠤ ᠶᠢ | ᠪᠠᠲᠤᠯᠠᠵᠤ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ | ᠦᠷᠭᠦᠯᠵᠢᠯᠡᠨ ᠠᠬᠢᠭᠤᠯᠬᠤ ᠬᠡᠷᠡᠭᠲᠡᠢ ᠭᠡᠪᠡ᠃ | | ᠶᠣᠣ ᠼᠠᠢ ᠶᠠᠨ ᠵᠢᠭᠠᠪᠣᠷᠢᠯᠠᠭᠰᠠᠨ ᠨᠢ᠂ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ | ᠨᠢᠭᠲᠠᠷᠠᠭᠤᠯᠵᠤ᠂ ᠦᠵᠡᠯ ᠰᠠᠨᠠᠭᠠᠨ ᠤ ᠲᠠᠯ᠎ᠠ ᠠᠴᠠ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ | ᠴᠢᠩᠭᠠᠳᠬᠠᠬᠤ ᠶᠢᠨ ᠴᠢᠬᠤᠯᠠ ᠴᠢᠨᠠᠷ ᠢ ᠭᠦᠢᠴᠡᠳ ᠲᠠᠨᠢᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ | ᠨᠠᠮ ᠤᠨ ᠤᠳᠤᠷᠢᠳᠬᠤ ᠳᠤᠭᠤᠶᠢᠯᠠᠩ︶ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠠᠷᠢᠭᠤᠨ | ᠴᠢᠬᠡᠴᠢ ᠰᠣᠶᠣᠯ ᠤᠨ ᠪᠠᠶᠢᠭᠤᠯᠤᠯᠲᠠ ᠶᠢᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ | ᠥᠭᠦᠯᠡᠯᠲᠡ ᠶᠢ ᠠᠵᠢᠯ ᠢᠶᠠᠨ ᠠᠬᠢᠭᠤᠯᠬᠤ ᠠᠵᠢᠯ ᠢᠶᠠᠨ ᠨᠠᠶᠢᠲᠠᠪᠣᠷᠢᠵᠢᠭᠤᠯᠬᠤ ᠦᠨᠳᠦᠰᠦᠨ ᠵᠢᠷᠤᠮᠯᠠᠯ ᠪᠣᠯᠭᠠᠬᠤ | ᠬᠡᠷᠡᠭᠲᠡᠢ᠃ ᠣᠯᠠᠨ ᠲᠠᠯ᠎ᠠ ᠪᠠᠷ ᠬᠦᠴᠦᠯᠡᠵᠦ᠂ ᠬᠠᠮᠵᠢᠯᠴᠠᠨ ᠠᠬᠢᠭᠤᠯᠵᠤ᠂ ᠪᠥᠬᠦ ᠬᠤᠰᠢᠭᠤᠨ ᠤ ᠠᠷᠢᠭᠤᠨ ᠴᠢᠬᠡᠴᠢ | ᠰᠣᠶᠣᠯ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠬᠡᠷᠡᠭᠲᠡᠢ᠃ ᠣᠨᠴᠠᠯᠢᠭᠲᠤ ᠡᠬᠢ | ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠷᠠᠳ ᠤᠨ ᠳᠤᠮᠳᠠᠬᠢ ᠠᠷᠢᠭᠤᠨ ᠴᠢᠬᠡᠴᠢ ᠰᠣᠶᠣᠯ ᠤᠨ ᠬᠦᠴᠦᠨ | ᠵᠦᠢᠯ ᠢ ᠭᠦᠨᠵᠡᠭᠡᠢ ᠠᠭᠤᠳᠠᠯᠵᠤ᠂ ᠠᠷᠢᠭᠤᠨ ᠴᠢᠬᠡᠴᠢ ᠰᠣᠶᠣᠯ ᠤᠨ ᠵᠢᠱᠢᠶ᠎ᠡ ᠦᠵᠡᠭᠦᠯᠬᠦ ᠴᠡᠭ ᠢ ᠡᠭᠦᠳᠴᠦ᠂ | ᠦᠪᠡᠷᠮᠢᠴᠡ ᠣᠨᠴᠠᠯᠢᠭ ᠲᠠᠢ ᠠᠷᠢᠭᠤᠨ ᠴᠢᠬᠡᠴᠢ ᠶᠢᠨ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠥᠪᠡᠷᠮᠢᠴᠡ ᠣᠨᠴᠠᠯᠢᠭ ᠲᠠᠢ ᠠᠷᠢᠭᠤᠨ ᠴᠢᠬᠡᠴᠢ ᠰᠣᠶᠣᠯ ᠤᠨ ᠲᠦᠷᠦᠯ ᠲᠡᠮᠳᠡᠭ ᠢ ᠡᠭᠦᠳᠬᠦ | ᠬᠡᠷᠡᠭᠲᠡᠢ᠃ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠤᠬᠠᠭᠤᠯᠭ᠎ᠠ ᠶᠢᠨ ᠠᠷᠭ᠎ᠠ ᠵᠠᠮ ᠢᠶᠠᠨ ᠥᠷᠭᠡᠳᠬᠡᠵᠦ᠂ | ᠡᠯ᠎ᠡ ᠲᠦᠷᠦᠯ ᠤᠨ ᠵᠠᠭᠤᠴᠢᠯᠠᠭᠤᠷ ᠤᠨ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠠᠷᠢᠭᠤᠨ ᠴᠢᠬᠡᠴᠢ ᠰᠣᠶᠣᠯ ᠤᠨ ᠲᠤᠰᠬᠠᠢ ᠪᠤᠯᠤᠩ᠂ ᠬᠡᠰᠡᠭ ᠢ ᠨᠡᠭᠡᠭᠡᠵᠦ᠂ ᠠᠷᠢᠭᠤᠨ ᠴᠢᠬᠡᠴᠢ | ᠰᠣᠶᠣᠯ ᠢ ᠤᠯᠠᠮᠵᠢᠯᠠᠬᠤ ᠠᠷᠭ᠎ᠠ ᠵᠠᠮ ᠢ ᠥᠷᠭᠡᠳᠬᠡᠵᠦ᠂ ᠡᠷᠡᠭᠦᠯ ᠥᠭᠡᠳᠡᠷᠬᠡᠭ ᠢᠯᠵᠠᠷᠠᠯ ᠢ ᠡᠰᠡᠷᠭᠦᠴᠡᠭᠰᠡᠨ | ᠠᠷᠢᠭᠤᠨ ᠴᠢᠬᠡᠴᠢ ᠶᠢ ᠡᠷᠬᠢᠮᠯᠡᠬᠦ ᠰᠦᠯᠵᠢᠶᠡᠨ ᠤ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ | ᠢᠯᠡᠷᠡᠭᠦᠯᠬᠦ ᠬᠡᠯᠪᠡᠷᠢ ᠶᠢᠨ ᠰᠢᠨ᠎ᠡ ᠶᠢ ᠡᠭᠦᠳᠴᠦ᠂ ᠤᠷᠠᠨ ᠪᠢᠴᠢᠯᠭᠡ᠂ ᠤᠷᠠᠨ ᠵᠢᠷᠤᠭ᠂ ᠴᠠᠭᠠᠰᠤᠨ ᠬᠠᠶᠢᠴᠢᠯᠠᠮᠠᠯ᠂ | ᠬᠡᠷᠡᠯ ᠵᠢᠷᠤᠭ᠂ ᠱᠤᠭ ᠵᠢᠷᠤᠭ ᠵᠡᠷᠭᠡ ᠤᠤᠭᠠᠯ ᠠᠷᠢᠭᠤᠨ ᠴᠢᠬᠡᠴᠢ ᠪᠦᠲᠦᠭᠡᠯ ᠢ ᠡᠯᠰᠡᠬᠦ ᠪᠠᠷ ᠳᠠᠮᠵᠢᠨ᠂ ᠥᠷᠭᠡᠨ | ᠣᠯᠠᠨ ᠠᠷᠠᠳ ᠲᠦᠮᠡᠨ ᠪᠠ ᠤᠳᠬ᠎ᠠ ᠤᠷᠠᠯᠢᠭ ᠲᠤ ᠳᠤᠷ᠎ᠠ ᠪᠠᠭ᠋ᠠᠲᠠᠢ ᠬᠥᠮᠥᠰ ᠢ ᠵᠣᠷᠢᠭᠵᠢᠭᠤᠯᠵᠤ ᠪᠠᠶᠢᠭᠠᠳ | ᠰᠢᠯᠢᠳᠡᠭ ᠠᠷᠢᠭᠤᠨ ᠴᠢᠬᠡᠴᠢ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠬᠦ ᠳᠤ ᠢᠳᠡᠪᠬᠢᠲᠡᠢ | ᠣᠷᠣᠯᠴᠠᠭᠤᠯᠵᠤ᠂ ᠪᠥᠬᠦ ᠬᠤᠰᠢᠭᠤᠨ ᠳᠤ ︽ᠠᠷᠢᠭᠤᠨ ᠴᠢᠬᠡᠴᠢ ᠶᠢ ᠰᠤᠷᠤᠯᠴᠠᠬᠤ᠂ ᠠᠷᠢᠭᠤᠨ ᠴᠢᠬᠡᠴᠢ ᠶᠢ | ᠰᠡᠳᠬᠢᠬᠦ᠂ ᠠᠷᠢᠭᠤᠨ ᠴᠢᠬᠡᠴᠢ ᠶᠢ ᠣᠶᠢᠯᠠᠭᠠᠬᠤ᠂ ᠠᠷᠢᠭᠤᠨ ᠴᠢᠬᠡᠴᠢ ᠶᠢ ᠦᠢᠯᠡᠳᠦᠯᠭᠡᠵᠢᠭᠦᠯᠬᠦ︾ ᠭᠦᠨ ᠵᠤᠵᠠᠭᠠᠨ | ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠪᠡ᠃ | | |