5 ᠰᠠᠷ᠎ᠠ ᠶᠢᠨ 26 ᠤ ᠡᠳᠦᠷ᠂ ᠬᠤᠩᠬᠠᠳᠤ ᠠᠭᠤᠯᠠ ᠪᠠᠯᠭᠠᠰᠤ ᠨᠠᠰᠤᠳᠠᠶᠢᠴᠤᠳ ᠢ ᠮᠡᠬᠡᠯᠡᠬᠦ | ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠤᠬᠠᠭᠤᠯᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠠᠵᠢᠯᠲᠠᠨ ᠵᠢᠴᠢ ᠰᠠᠶᠢᠨ ᠳᠤᠷ᠎ᠠ ᠶᠢᠨ ᠠᠵᠢᠯᠯᠠᠭᠴᠢ ᠣᠯᠠᠨ ᠲᠦᠮᠡᠨ ᠳᠤ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠨᠠᠰᠤᠲᠠᠶᠢᠴᠤᠳ ᠲᠤ ᠬᠡᠷᠬᠢᠨ ᠮᠡᠬᠡᠯᠡᠬᠦ ︽ᠤᠪ ᠮᠡᠭᠡ︾ ᠠᠷᠭ᠎ᠠ | ᠮᠠᠶ᠋ᠢᠭ ᠢ ᠢᠯᠡᠴᠢᠯᠡᠵᠦ᠂ ᠨᠠᠰᠤᠲᠠᠶᠢᠴᠤᠳ ᠢ ᠬᠠᠪᠰᠤᠷᠤᠨ ᠮᠡᠬᠡᠯᠡᠬᠦ ᠠᠵᠢᠯᠯᠠᠭ᠎ᠠ ᠶᠢ ᠢᠯᠭᠠᠨ ᠲᠠᠨᠢᠬᠤ ᠪᠠ ᠮᠡᠬᠡᠯᠡᠬᠦ | ᠶᠢ ᠰᠡᠷᠭᠡᠶᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠪᠡ᠃ ᠡᠭᠦᠨ ᠤ ᠬᠠᠮᠲᠤ᠂ ︽ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠬᠠᠩᠭᠠᠬᠤ︾᠂ ︽ᠨᠠᠰᠤᠲᠠᠶᠢᠴᠤᠳ ᠲᠤ ᠬᠤᠯᠪᠣᠭᠳᠠᠬᠤ ᠡᠷᠡᠭᠦᠯᠵᠢᠯ ᠤᠨ ᠡᠳ᠋︾᠂ ︽ | ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ︾ ᠵᠡᠷᠭᠡ ᠨᠡᠷ᠎ᠡ ᠪᠠᠷ ᠮᠡᠬᠡᠯᠡᠬᠦ ᠦᠶᠯᠡ ᠠᠵᠢᠯᠯᠠᠭ᠎ᠠ ᠳᠤ | ᠭᠤᠣᠯᠳᠠᠯᠭ᠎ᠠ ᠲᠠᠢ ᠨᠠᠷᠢᠨ ᠲᠠᠶᠢᠯᠤᠮᠵᠢ ᠬᠢᠵᠦ᠂ ᠨᠠᠰᠤᠲᠠᠶᠢᠴᠤᠳ ᠲᠤ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ | ᠰᠣᠨᠣᠷ ᠰᠡᠷᠡᠮᠵᠢ ᠪᠠᠨ ᠳᠡᠭᠡᠭᠰᠢᠯᠡᠭᠦᠯᠦᠨ᠂ ᠤᠴᠢᠷ ᠶᠠᠪᠤᠳᠠᠯ ᠲᠣᠬᠢᠶᠠᠯᠳᠤᠪᠠᠯ ᠯᠠᠪᠳᠠᠭᠤᠨ ᠲᠣᠭᠲᠠᠭᠤᠨ ᠪᠠᠶᠢᠬᠤ | ᠬᠡᠷᠡᠭᠲᠡᠢ ᠭᠡᠵᠦ ᠵᠠᠬᠢᠪᠠ᠃ | | |