ᠵᠠᠷᠤᠳ ᠬᠤᠰᠢᠭᠤ ᠨᠠᠮ ᠤᠨ ᠠᠵᠢᠯ ᠢ ᠢᠯᠡ ᠪᠣᠯᠭᠠᠬᠤ ᠠᠵᠢᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2022/5/27
   5 ᠰᠠᠷ᠎ᠠ ᠶᠢᠨ 26 ᠤ ᠡᠳᠦᠷ᠂ ᠵᠠᠷᠤᠳ ᠬᠤᠰᠢᠭᠤ ᠨᠠᠮ ᠤᠨ ᠠᠵᠢᠯ ᠢ ᠢᠯᠡ ᠪᠣᠯᠭᠠᠬᠤ ᠠᠵᠢᠯ ᠤᠨ ᠬᠤᠷᠠᠯ ᠬᠢᠪᠡ᠃ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠪᠠᠢ ᠶᠠᠨ ᠰᠢᠤᠸᠠᠢ᠂ ᠡᠯ᠎ᠡ ᠰᠤᠮᠤ ᠪᠠᠯᠭᠠᠰᠤ ᠲᠠᠯᠠᠪᠠᠶ᠂ ᠯᠦᠪᠸᠢ ᠵᠡᠭᠡᠯᠢ ᠭᠤᠳᠤᠮᠵᠢ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠵᠢᠴᠢ ᠵᠠᠷᠤᠳ ᠲᠤ ᠰᠠᠭᠤᠭ᠎ᠠ ᠤᠯᠤᠰ ᠦᠪᠡᠷᠳᠡᠭᠡᠨ ᠵᠠᠰᠠᠬᠤ ᠤᠷᠤᠨ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠶᠢᠨ ᠨᠠᠮ ᠤᠨ ᠠᠵᠢᠯ ᠢ ᠢᠯᠡ ᠪᠣᠯᠭᠠᠬᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠠᠵᠢᠯᠲᠠᠳ ᠬᠤᠷᠠᠯ ᠳᠤ ᠤᠷᠤᠯᠴᠠᠪᠠ᠃
    ᠪᠠᠢ ᠶᠠᠨ ᠰᠢᠤᠸᠠᠢ ᠵᠢᠭᠠᠪᠤᠷᠢᠯᠠᠭᠰᠠᠨ ᠨᠢ᠂ 2021 ᠣᠨ ᠳᠤ ᠪᠥᠬᠦ ᠬᠤᠰᠢᠭᠤᠨ ᠤ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠨᠢ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ ᠤᠨ ᠠᠵᠢᠯ ᠢ ᠢᠯᠡ ᠪᠣᠯᠭᠠᠬᠤ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ︽ᠨᠠᠮ ᠤᠨ ᠠᠵᠢᠯ ᠢ ᠢᠯᠡ ᠪᠣᠯᠭᠠᠬᠤ︾ ᠠᠵᠢᠯ ᠤᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ᠪᠥᠬᠦ ᠬᠤᠰᠢᠭᠤᠨ ᠤ ᠨᠠᠮ ᠤᠨ ᠠᠵᠢᠯ ᠢ ᠢᠯᠡ ᠪᠣᠯᠭᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠪᠠ᠃
    ᠪᠠᠢ ᠶᠠᠨ ᠰᠢᠤᠸᠠᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠵᠠᠩᠭᠢᠯᠠᠭ᠎ᠠ ᠶᠢ ᠠᠳᠬᠤᠵᠤ᠂ ᠭᠤᠣᠯᠳᠠᠯᠭ᠎ᠠ ᠶᠢ ᠲᠤᠪᠤᠶᠢᠯᠭᠠᠵᠤ᠂ ᠡᠨᠡ ᠵᠢᠯ ᠤᠨ ᠨᠠᠮ ᠤᠨ ᠠᠵᠢᠯ ᠢ ᠢᠯᠡ ᠪᠣᠯᠭᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠨᠠᠮ ᠤᠨ ᠠᠵᠢᠯ ᠢ ᠢᠯᠡ ᠪᠣᠯᠭᠠᠬᠤ ᠠᠵᠢᠯ ᠤᠨ ᠲᠤᠭᠳᠠᠭᠠᠭᠰᠠᠨ ᠠᠭᠤᠯᠭ᠎ᠠ᠂ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ᠂ ᠢᠯᠡ ᠪᠣᠯᠭᠠᠬᠤ ᠶᠢ ᠬᠡᠷᠡᠭᠵᠢᠭᠦᠯᠬᠦ᠂ ᠬᠤᠷᠢᠶᠠᠨ ᠴᠤᠭᠯᠠᠭᠤᠯᠵᠤ ᠬᠠᠷᠢᠭᠤ ᠲᠤᠰᠬᠠᠬᠤ᠂ ᠲᠠᠩᠰᠠ ᠡᠪᠬᠡᠮᠡᠯ ᠳᠤ ᠣᠷᠣᠭᠤᠯᠬᠤ ᠵᠡᠷᠭᠡ ᠲᠠᠰ ᠳᠠᠷᠠᠭᠠᠯᠠᠯ ᠢᠶᠠᠷ ᠡᠮᠬᠢ ᠵᠢᠷᠤᠮ ᠲᠠᠢ ᠥᠷᠨᠢᠭᠦᠯᠵᠦ᠂ ᠢᠯᠠᠩᠭᠤᠶ᠎ᠠ ᠢᠯᠡ ᠪᠣᠯᠭᠠᠬᠤ ᠠᠭᠤᠯᠭ᠎ᠠ ᠪᠠᠨ ᠲᠣᠭᠲᠠᠭᠠᠬᠤ ᠳᠠᠭᠠᠨ ᠭᠤᠣᠯᠳᠠᠯᠭ᠎ᠠ ᠶᠢ ᠡᠵᠡᠮᠳᠡᠨ᠂ ᠢᠯᠡ ᠪᠣᠯᠭᠠᠬᠤ ᠪᠥᠬᠦ ᠲᠠᠯ᠎ᠠ ᠪᠠᠷ᠂ ᠭᠤᠣᠯᠳᠠᠯᠭ᠎ᠠ ᠶᠢ ᠲᠤᠪᠤᠶᠢᠯᠭᠠᠵᠦ᠂ ᠨᠠᠮ ᠤᠨ ᠠᠵᠢᠯ ᠢ ᠢᠯᠡ ᠪᠣᠯᠭᠠᠬᠤ ᠠᠵᠢᠯ ᠢ ᠦᠨᠡᠨ ᠬᠦ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠭᠠᠳᠠᠭᠰᠢ ᠤᠬᠠᠭᠤᠯᠭ᠎ᠠ ᠬᠢᠵᠦ ᠲᠠᠭᠤᠤ ᠴᠤᠤᠷᠢᠶᠠᠨ ᠤ ᠴᠢᠬᠤᠯᠠ ᠴᠣᠩᠬᠤ ᠪᠣᠯᠭᠠᠬᠤ ᠬᠡᠷᠡᠭᠲᠡᠢ᠃ ︽ᠵᠠᠷᠤᠳ ᠬᠤᠰᠢᠭᠤᠨ ᠤ ᠨᠠᠮ ᠤᠨ ᠠᠵᠢᠯ ᠢ ᠢᠯᠡ ᠪᠣᠯᠭᠠᠬᠤ ᠠᠵᠢᠯ ᠤᠨ ᠬᠡᠷᠡᠭᠵᠢᠭᠦᠯᠬᠦ ᠲᠥᠰᠥᠯ︾ ᠲᠠᠢ ᠴᠢᠩᠭ᠎ᠠ ᠬᠠᠷᠢᠴᠠᠭᠤᠯᠵᠤ᠂ ᠢᠯᠡ ᠪᠣᠯᠭᠠᠬᠤ ᠪᠣᠯ ᠬᠡᠪ ᠤᠨ ᠪᠠᠶᠢᠳᠠᠯ᠂ ᠢᠯᠡ ᠪᠣᠯᠭᠠᠬᠤ ᠦᠭᠡᠢ ᠪᠣᠯ ᠣᠨᠴᠠᠭᠠᠶ ᠪᠠᠶᠢᠳᠠᠯ ᠭᠡᠬᠦ ᠵᠠᠷᠴᠢᠮ ᠢ ᠪᠠᠷᠢᠮᠲᠠᠯᠠᠨ᠂ ᠢᠯᠡ ᠪᠣᠯᠭᠠᠬᠤ ᠶᠣᠰᠣᠲᠠᠢ ᠪᠦᠬᠦᠨ  ᠢ ᠴᠥᠮ ᠢᠯᠡ ᠪᠣᠯᠭᠠᠬᠤ ᠬᠡᠷᠡᠭᠲᠡᠢ᠃ ᠨᠠᠮ ᠤᠨ ᠠᠵᠢᠯ ᠢ ᠢᠯᠡ ᠪᠣᠯᠭᠠᠬᠤ ᠲᠤᠬᠠᠢ ᠬᠤᠯᠪᠣᠭᠳᠠᠯ ᠪᠦᠬᠦᠢ ᠱᠠᠭᠠᠷᠳᠠᠯᠭ᠎ᠠ ᠶᠢ ᠪᠣᠳᠠᠲᠠᠢ ᠠᠵᠢᠯ ᠲᠠᠢ ᠪᠠᠨ ᠨᠢᠭᠲᠠ ᠤᠶᠠᠯᠳᠤᠭᠤᠯᠵᠤ᠂ ᠲᠣᠭᠲᠠᠭᠠᠭᠰᠠᠨ ᠠᠵᠢᠯᠯᠠᠭ᠎ᠠ ᠪᠠᠨ ᠡᠷᠡᠰ ᠪᠡᠶᠡᠯᠡᠭᠦᠯᠬᠦ ᠶᠢᠨ ᠲᠠᠭᠠᠤ᠂ ᠢᠯᠡ ᠪᠣᠯᠭᠠᠬᠤ ᠠᠴᠢᠶᠠᠯᠠᠪᠤᠷᠢ ᠪᠠ ᠢᠯᠡ ᠪᠣᠯᠭᠠᠬᠤ ᠪᠣᠳᠠᠲᠤ ᠦᠷ᠎ᠡ ᠪᠦᠲᠦᠮᠵᠢ ᠲᠠᠢ  ᠪᠠᠨ ᠤᠶᠠᠯᠳᠤᠭᠤᠯᠤᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠶᠢ ᠡᠭᠦᠳᠴᠦ᠂ ᠲᠤᠰ ᠲᠤᠰ ᠤᠨ ᠣᠨᠴᠠᠯᠢᠭ ᠪᠦᠬᠦᠢ ᠨᠠᠮ ᠤᠨ ᠠᠵᠢᠯ ᠢ ᠢᠯᠡ ᠪᠣᠯᠭᠠᠬᠤ ᠠᠷᠭ᠎ᠠ ᠮᠠᠶ᠋ᠢᠭ᠂ ᠠᠷᠭ᠎ᠠ ᠬᠡᠯᠪᠡᠷᠢ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠨᠠᠮ ᠤᠨ ᠠᠵᠢᠯ ᠢ ᠢᠯᠡ ᠪᠣᠯᠭᠠᠬᠤ ᠰᠠᠯᠠᠭ᠎ᠠ ᠮᠥᠴᠢᠷ ᠤᠨ ᠣᠨᠴᠠᠯᠢᠭ᠂ ᠭᠠᠵᠠᠷ ᠣᠷᠣᠨ ᠤ ᠣᠨᠴᠠᠯᠢᠭ ᠪᠠ ᠨᠢᠭᠡᠴᠢ ᠶᠢᠨ ᠣᠨᠴᠠᠯᠢᠭ ᠢ ᠪᠦᠷᠢᠯᠳᠦᠭᠦᠯᠬᠦ ᠬᠡᠷᠡᠭᠲᠡᠢ᠃ ᠨᠢᠭᠡᠳᠦᠯᠲᠡᠢ ᠲᠥᠯᠥᠪᠯᠡᠨ ᠢᠯᠡ ᠪᠣᠯᠭᠠᠬᠤ ᠶᠢᠨ ᠲᠣᠭᠤᠷᠢᠨ ᠳᠤ ᠰᠢᠨ᠎ᠡ ᠶᠢ ᠡᠭᠦᠳᠴᠦ᠂ ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ᠂ ᠰᠢᠰᠲ᠋ᠧᠮ ᠲᠠᠢ ᠠᠵᠢᠯᠯᠠᠭᠤᠯᠬᠤ ᠱᠠᠭᠠᠷᠳᠠᠯᠭ᠎ᠠ ᠶᠣᠰᠣᠭᠠᠷ᠂ ᠨᠠᠮ ᠤᠨ ᠠᠵᠢᠯ ᠢ ᠢᠯᠡ ᠪᠣᠯᠭᠠᠬᠤ ᠬᠢᠭᠡᠳ ᠵᠠᠰᠠᠭ ᠤᠨ ᠶᠠᠪᠤᠳᠠᠯ ᠢ ᠢᠯᠡ ᠪᠣᠯᠭᠠᠬᠤ᠂ ᠡᠳ᠋ ᠤᠨ ᠶᠠᠪᠤᠳᠠᠯ ᠢ ᠢᠯᠡ ᠪᠣᠯᠭᠠᠬᠤ᠂ ᠲᠣᠰᠬᠤᠨ ᠤ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠡᠬᠢ ᠪᠠᠶᠠᠯᠢᠭ ᠢᠶᠠᠨ ᠬᠠᠮᠲᠤᠪᠠᠷ ᠭᠥᠷᠳᠡᠬᠦ᠂ ᠬᠠᠷᠢᠯᠴᠠᠨ ᠬᠥᠳᠡᠯᠦᠯᠴᠡᠵᠦ ᠬᠠᠮᠲᠤᠪᠠᠷ ᠤᠷᠤᠭᠰᠢᠯᠠᠬᠤ ᠶᠢ ᠪᠡᠶᠡᠯᠡᠭᠦᠯᠬᠦ ᠬᠡᠷᠡᠭᠲᠡᠢ᠃ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠨᠠᠮ ᠤᠨ ᠠᠵᠢᠯ ᠢ ᠢᠯᠡ ᠪᠣᠯᠭᠠᠬᠤ ᠠᠵᠢᠯᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠨᠠᠮ ᠤᠨ ᠠᠵᠢᠯ ᠢ ᠢᠯᠡ ᠪᠣᠯᠭᠠᠬᠤ ᠠᠵᠢᠯ ᠤᠨ ᠺᠠᠳ᠋ᠷ ᠢ ᠪᠦᠷᠢᠨ ᠭᠦᠢᠴᠡᠳ ᠪᠥᠭᠡᠳ ᠴᠢᠩᠭ᠎ᠠ ᠲᠣᠬᠢᠷᠠᠭᠤᠯᠬᠤ ᠶᠢᠨ ᠬᠠᠮᠲᠤ ᠲᠤᠰᠬᠠᠢ ᠰᠡᠳᠦᠪᠲᠦ ᠪᠣᠯᠪᠠᠰᠤᠷᠠᠭᠤᠯᠤᠯ ᠳᠤ ᠣᠷᠤᠯᠴᠠᠬᠤ ᠪᠠ ᠲᠤᠬᠠᠶᠢᠯᠠᠭᠰᠠᠨ ᠠᠵᠢᠯ ᠤᠨ ᠲᠠᠯ᠎ᠠ ᠪᠠᠷ ᠥᠪᠡᠰᠦᠪᠡᠨ ᠰᠤᠷᠤᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠮ ᠤᠨ ᠠᠵᠢᠯ ᠢ ᠢᠯᠡ ᠪᠣᠯᠭᠠᠬᠤ ᠺᠠᠳ᠋ᠷ᠂ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠶᠢ ᠬᠠᠪᠰᠤᠷᠤᠨ ᠤᠯᠤᠰ ᠲᠦᠷᠦ ᠶᠢᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ ︽ᠶᠠᠭᠤ ᠶᠢ ᠢᠯᠡ ᠪᠣᠯᠭᠠᠬᠤ᠂ ᠬᠡᠨ ᠢᠯᠡ ᠪᠣᠯᠭᠠᠬᠤ᠂ ᠬᠡᠨ ᠳᠤ ᠢᠯᠡ ᠪᠣᠯᠭᠠᠬᠤ᠂ ᠶᠠᠮᠠᠷ ᠠᠷᠭ᠎ᠠ ᠮᠠᠶ᠋ᠢᠭ ᠢᠶᠠᠷ ᠢᠯᠡ ᠪᠣᠯᠭᠠᠬᠤ︾ ᠲᠠᠢ ᠨᠢᠭᠲᠠ ᠤᠶᠠᠯᠳᠤᠭᠤᠯᠤᠨ᠂ ᠢᠯᠡ ᠪᠤᠯᠭᠠᠬᠤ ᠨᠠᠮ ᠤᠨ ᠠᠵᠢᠯ ᠤᠨ ᠭᠠᠷᠴᠠᠭ ᠢ ᠨᠠᠷᠢᠨ ᠬᠢᠨᠠᠮᠠᠭᠠᠢ ᠨᠠᠶᠢᠷᠠᠭᠤᠯᠤᠨ ᠵᠣᠬᠢᠶᠠᠬᠤ ᠬᠡᠷᠡᠭᠲᠡᠢ ᠭᠡᠪᠡ᠃
   ᠪᠠᠢ ᠶᠠᠨ ᠰᠢᠤᠸᠠᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠢᠨ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠨᠢᠭᠡᠴᠡ ᠶᠢᠨ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠡᠭᠦᠷᠭᠡᠯᠡᠵᠦ᠂ ᠨᠠᠮ ᠤᠨ ᠶᠠᠪᠤᠳᠠᠯ ᠢ ᠢᠯᠡ ᠪᠣᠯᠭᠠᠬᠤ ᠠᠵᠢᠯ ᠢ ᠦᠨᠡᠨᠬᠦ ᠴᠢᠬᠤᠯᠠ ᠪᠠᠶᠢᠷᠢᠨ ᠳᠤ ᠲᠠᠯᠪᠢᠵᠤ᠂ ᠴᠢᠩᠭ᠎ᠠ ᠠᠳᠬᠤᠬᠤ ᠬᠡᠷᠡᠭᠲᠡᠢ᠃ ᠨᠠᠮ ᠤᠨ ᠠᠵᠢᠯ ᠢ ᠢᠯᠡ ᠪᠤᠯᠭᠠᠭᠰᠠᠨ ᠪᠠᠶᠢᠳᠠᠯ ᠢ ᠡᠨᠡ ᠵᠢᠯ ᠤᠨ ᠬᠤᠰᠢᠭᠤᠨ ᠤ ᠨᠠᠮ ᠤᠨ ᠬᠤᠷᠢᠶ᠎ᠠ ᠳᠤ ᠠᠵᠢᠯ ᠢᠶᠠᠨ ᠮᠡᠳᠡᠭᠦᠯᠬᠦ ᠪᠤᠶᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠬᠠᠢ ᠰᠡᠳᠦᠪᠲᠦ ᠮᠡᠳᠡᠭᠦᠯᠦᠯᠲᠡ ᠶᠢᠨ ᠴᠢᠬᠤᠯᠠ ᠠᠭᠤᠯᠭ᠎ᠠ ᠪᠣᠯᠭᠠᠵᠤ᠂ ᠨᠠᠮ ᠤᠨ ᠠᠵᠢᠯ ᠢ ᠢᠯᠡ ᠪᠣᠯᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠨᠠᠮ ᠵᠠᠰᠠᠭ ᠤᠨ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠤᠨ ᠣᠨ ᠤ ᠬᠢᠨᠠᠨ ᠰᠢᠯᠭᠠᠯᠲᠠ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ ᠲᠤᠰᠢᠶᠠᠯ ᠤᠨ ᠮᠡᠳᠡᠭᠦᠯᠦᠯᠲᠡ ᠦᠨᠡᠯᠡᠯᠲᠡ ᠶᠢᠨ ᠴᠢᠬᠤᠯᠠ ᠠᠭᠤᠯᠭ᠎ᠠ ᠳᠤ ᠣᠷᠣᠭᠤᠯᠬᠤ ᠬᠡᠷᠡᠭᠲᠡᠢ᠃ ᠬᠤᠰᠢᠭᠤᠨ ᠨᠠᠮ ᠤᠨ ᠬᠤᠷᠢᠶ᠎ᠠ ᠶᠢᠨ ᠠᠯᠪᠠᠨ ᠭᠡᠷ ᠤᠨ ᠬᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠬᠢᠨᠠᠨ ᠵᠢᠯᠤᠭᠤᠳᠴᠤ ᠪᠠᠶᠢᠴᠠᠭᠠᠵᠤ᠂ ᠠᠵᠢᠯ ᠤᠨ ᠠᠬᠢᠴᠠ ᠶᠢ ᠡᠵᠡᠮᠰᠢᠨ᠂ ᠮᠡᠳᠡᠭᠡᠯᠡᠬᠦ ᠳᠦᠷᠢᠮ ᠪᠠᠶᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠨᠠᠮ ᠤᠨ ᠠᠵᠢᠯ ᠢ ᠢᠯᠡ ᠪᠣᠯᠭᠠᠬᠤ ᠠᠵᠢᠯ ᠤᠨ ᠬᠠᠮᠲᠤᠷᠠᠭᠰᠠᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ︽ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠶᠠᠪᠤᠳᠠᠯ ᠢ ᠢᠯᠡ ᠪᠣᠯᠭᠠᠬᠤ ᠬᠠᠮᠲᠤᠷᠠᠭᠰᠠᠨ ᠬᠤᠷᠠᠯ ᠤᠨ ᠳᠦᠷᠢᠮ︾ ᠪᠣᠯᠣᠨ ︽ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠶᠠᠪᠤᠳᠠᠯ ᠢ ᠢᠯᠡ ᠪᠣᠯᠭᠠᠬᠤ ᠬᠠᠮᠲᠤᠷᠠᠭᠰᠠᠨ ᠬᠤᠷᠠᠯ ᠤᠨ ᠪᠦᠷᠢᠯᠳᠦᠭᠦᠨ ᠨᠢᠭᠡᠴᠡ ᠶᠢᠨ ᠭᠤᠣᠯ ᠡᠭᠦᠷᠭᠡ ᠬᠠᠷᠢᠭᠤᠴᠠᠯᠭ᠎ᠠ︾ ᠶᠢ ᠤᠩᠰᠢᠨ ᠨᠡᠶᠢᠲᠡᠯᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号