ᠵᠠᠷᠤᠳ ᠬᠤᠰᠢᠭᠤ ︽ᠳᠥᠷᠪᠡ ᠶᠢ ᠴᠢᠩᠭᠠᠳᠬᠠᠵᠤ ᠳᠥᠷᠪᠡ ᠶᠢ ᠳᠡᠭᠡᠭᠰᠢᠯᠡᠭᠦᠯᠬᠦ︾ ᠠᠷᠭ᠎ᠠ ᠪᠠᠷ ᠺᠠᠳ᠋ᠷ ᠤᠨ ᠡᠩᠨᠡᠭᠡᠨ ᠤ ᠬᠡᠪ ᠴᠢᠨᠠᠷ ᠴᠢᠳᠠᠪᠤᠷᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ ᠪᠠᠶᠢᠨ᠎ᠠ
ᠨᠡᠶᠢᠲᠡᠯᠡᠭᠰᠡᠨ ᠴᠠᠭ᠄
2022/5/27
   ᠡᠨᠡ ᠵᠢᠯ ᠠᠴᠠ ᠨᠠᠰᠢ᠂ ᠵᠠᠷᠤᠳ ᠬᠤᠰᠢᠭᠤᠨ ᠤ ᠬᠢᠨ ︽ᠵᠠᠷ ᠱᠠᠯᠠᠵᠤ ᠠᠵᠢᠯ ᠲᠤᠰᠬᠤ︾ ᠭᠤᠣᠯᠳᠠᠯᠭ᠎ᠠ ᠲᠠᠢ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠺᠠᠳ᠋ᠷᠴᠤᠳ ᠤᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠳᠥᠷᠪᠡ ᠶᠢ ᠴᠢᠩᠭᠠᠳᠬᠠᠬᠤ︾ ᠪᠠᠷ ᠺᠠᠳ᠋ᠷᠴᠤᠳ ᠤᠨ ᠬᠡᠪ ᠴᠢᠨᠠᠷ ᠴᠢᠳᠠᠪᠤᠷᠢ ᠶᠢᠨ ︽ᠳᠥᠷᠪᠡ ᠶᠢ ᠳᠡᠭᠡᠭᠰᠢᠯᠡᠭᠦᠯᠬᠦ︾ ᠶᠢ ᠪᠡᠶᠡᠯᠡᠭᠦᠯᠬᠦ ᠶᠢ ᠪᠠᠷᠢᠮᠲᠠᠯᠠᠵᠤ᠂ ᠴᠢᠳᠠᠪᠤᠷᠢ ᠲᠠᠢ᠂ ᠬᠠᠷᠢᠭᠤᠴᠠᠯᠭ᠎ᠠ ᠲᠠᠢ᠂ ᠠᠵᠢᠯ ᠶᠠᠪᠤᠳᠠᠯ ᠬᠢᠬᠦ ᠳᠡᠭᠡᠨ ᠴᠢᠳᠠᠮᠠᠭᠠᠢ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷᠴᠤᠳ ᠤᠨ ᠡᠩᠨᠡᠭᠡ ᠶᠢ ᠬᠦᠴᠦᠯᠡᠨ ᠬᠥᠮᠥᠵᠢᠭᠦᠯᠪᠡ᠃
   ᠰᠢᠰᠲ᠋ᠧᠮ ᠲᠠᠢ ᠪᠣᠯᠪᠠᠰᠤᠷᠠᠭᠤᠯᠤᠯ ᠬᠢᠬᠦ ᠶᠢ ᠴᠢᠩᠭᠠᠳᠬᠠᠵᠤ᠂ ᠣᠨᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠪᠡ ᠃ ᠣᠨᠣᠯ ᠤᠨ ᠰᠤᠷᠤᠯᠴᠠᠯᠭ᠎ᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠰᠦᠭ ᠰᠦᠨᠡᠰᠦ ᠶᠢ ᠨᠢ ᠱᠤᠭᠤᠵᠤ ᠴᠢᠳᠠᠪᠤᠷᠢᠲᠠᠨ ᠢ ᠬᠥᠮᠥᠵᠢᠭᠦᠯᠬᠦ ᠶᠢ ︽ᠬᠢᠴᠢᠶᠡᠯ ᠤᠨ ᠲᠠᠩᠬᠢᠮ ᠳᠤ ᠣᠷᠣᠬᠤ︾ ᠠᠵᠢᠯᠯᠠᠭ᠎ᠠ ᠳᠤ ᠲᠦᠰᠢᠭᠯᠡᠨ᠂ ᠬᠡᠷᠡᠭᠴᠡᠭᠡ ᠱᠠᠭᠠᠷᠳᠠᠯᠭ᠎ᠠ ᠶᠢᠨ ᠤᠳᠤᠷᠢᠳᠤᠮᠵᠢ   ᠪᠣᠯᠭᠠᠨ᠂ ᠤᠯᠤᠰ ᠲᠥᠷᠥ ᠶᠢᠨ ᠣᠨᠣᠯ᠂ ︽ᠭᠤᠷᠪᠠᠨ ᠰᠢᠨ᠎ᠡ ᠨᠢᠭᠡ ᠦᠨᠳᠦᠷ︾ ᠪᠣᠯᠣᠨ ᠪᠦᠬᠦ ᠬᠤᠰᠢᠭᠤᠨ ᠤ ︽ᠠᠷᠪᠠᠨ ᠶᠡᠭᠡ ᠠᠵᠤ ᠦᠢᠯᠡᠰ ᠤᠨ ᠬᠡᠯᠬᠢᠶ᠎ᠡ︾ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ᠂ ᠪᠣᠯᠪᠠᠰᠤᠷᠠᠯ ᠬᠢᠬᠦ ᠠᠴᠠ ᠡᠮᠦᠨ᠎ᠡ ᠠᠰᠠᠭᠤᠯᠲᠠ ᠬᠠᠷᠢᠭᠤᠯᠲᠠ ᠶᠢᠨ ᠬᠠᠭᠤᠳᠠᠰᠤ ᠲᠠᠷᠬᠠᠨ ᠪᠠᠶᠢᠴᠠᠭᠠᠯᠲᠠ ᠬᠢᠬᠦ᠂ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ᠂ ᠡᠯ᠎ᠡ ᠱᠠᠲᠤᠨ ᠤ ᠺᠠᠳ᠋ᠷᠴᠣᠳ ᠤᠨ ᠰᠠᠨᠠᠯ ᠰᠠᠨᠠᠭᠤᠯᠭ᠎ᠠ ᠶᠢ 1200 ᠭᠠᠷᠤᠢ ᠬᠤᠷᠢᠶᠠᠵᠤ᠂ ᠺᠠᠳ᠋ᠷ ᠤᠨ ᠬᠡᠷᠡᠭᠴᠡᠭᠡ ᠱᠠᠭᠠᠷᠳᠠᠯᠭ᠎ᠠ ᠶᠢ ᠣᠨᠣᠴᠠᠲᠠᠢ ᠡᠵᠡᠮᠰᠢᠵᠦ᠂ ᠲᠡᠰ ᠲᠦᠷᠦᠯ ᠬᠤᠪᠢᠶᠠᠨ ᠬᠢᠴᠢᠶᠡᠯ ᠲᠣᠬᠢᠷᠠᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠣᠷᠤᠨ ᠬᠤᠳᠠ ᠬᠤᠰᠢᠭᠤᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠪᠣᠯᠪᠠᠰᠤᠷᠠᠯ ᠤᠨ ᠠᠩᠭᠢ ᠡᠷᠬᠢᠯᠡᠵᠦ᠂ ᠪᠣᠯᠪᠠᠰᠤᠷᠠᠯ ᠤᠨ ᠪᠣᠳᠠᠲᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠪᠡ᠃ ᠪᠣᠯᠪᠠᠰᠤᠷᠠᠭᠤᠯᠤᠯ ᠤᠨ ᠠᠴᠢᠶᠠᠯᠠᠪᠤᠷᠢ ᠶᠢ ᠠᠭᠤᠳᠠᠯᠬᠤ ᠶᠢ ᠴᠢᠬᠤᠯᠠᠴᠢᠯᠠᠵᠤ᠂ ᠵᠠᠭᠤᠨ ᠰᠠᠯᠠᠭᠠᠨ ᠲᠠᠰ ᠤᠨ ᠺᠠᠳ᠋ᠷ ᠢ ᠨᠠᠷᠠᠲᠤ ᠰᠤᠷᠭᠠᠭᠤᠯᠢ ᠳᠤ ᠣᠷᠣᠭᠤᠯᠬᠤ᠂ ᠵᠠᠭᠤᠨ ᠲᠤᠰᠬᠠᠢ ᠮᠡᠷᠭᠡᠵᠢᠯ ᠤᠨ ᠺᠠᠳ᠋ᠷ ᠢ ᠵᠢᠶᠠᠩᠰᠤ ᠵᠧᠵᠢᠶᠠᠩ ᠱᠠᠩᠬᠠᠢ ᠵᠡᠷᠭᠡ ᠭᠠᠵᠠᠷ ᠣᠷᠣᠨ ᠳᠤ ᠣᠴᠢᠭᠤᠯᠤᠨ ᠪᠣᠳᠠᠲᠠᠢ ᠪᠣᠯᠪᠠᠰᠤᠷᠠᠯ ᠬᠢᠬᠦ᠂ ᠵᠠᠭᠤᠨ ᠵᠠᠯᠠᠭᠤ ᠺᠠᠳ᠋ᠷ ᠢ ᠨᠠᠮ ᠤᠨ ᠰᠤᠷᠭᠠᠭᠤᠯᠢ ᠳᠤ ᠣᠷᠣᠭᠤᠯᠬᠤ ︽ᠭᠤᠷᠪᠠᠨ ᠵᠠᠭᠤᠨ ᠢᠨᠵᠧᠨᠧᠷᠢᠩ︾ ᠢ ᠰᠦᠪᠡᠭᠴᠢᠯᠡᠨ ᠬᠡᠷᠡᠭᠵᠢᠭᠦᠯᠵᠦ᠂ ᠤᠳᠤᠷᠢᠳᠬᠤ ᠺᠠᠳ᠋ᠷᠴᠤᠳ ᠤᠨ ᠨᠢᠭᠡᠳᠦᠯᠲᠡᠢ ᠲᠥᠯᠥᠪᠯᠡᠨ ᠰᠦᠪᠡᠭᠴᠢᠯᠡᠬᠦ ᠪᠠ ᠵᠠᠮ ᠨᠡᠭᠡᠭᠡᠨ ᠰᠢᠨ᠎ᠡ ᠶᠢ ᠡᠭᠦᠳᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠪᠡ᠃ ︽ᠤᠳᠤᠷᠢᠳᠬᠤ ᠺᠠᠳ᠋ᠷ ᠶᠠᠷᠢᠶᠠᠨ ᠤ ᠲᠠᠪᠴᠠᠩ ᠳᠤ ᠭᠠᠷᠬᠤ︾ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠭᠠᠵᠠᠷ ᠤᠨ ᠲᠠᠰ ᠤᠨ ᠤᠳᠤᠷᠢᠳᠤᠯᠭ᠎ᠠ ᠲᠦᠷᠦᠭᠦᠯᠡᠨ᠂ ᠰᠠᠯᠠᠭᠠᠨ ᠲᠠᠰ ᠤᠨ ᠺᠠᠳ᠋ᠷ ᠲᠠᠭᠠᠨ ᠣᠷᠣᠬᠤ ᠪᠠᠷ ᠳᠡᠮᠵᠢᠨ᠂ ᠲᠤᠬᠠᠶᠢᠯᠠᠭᠰᠠᠨ ᠠᠵᠢᠯ ᠤᠨ ᠳᠤᠭᠤᠶᠢᠯᠠᠩ ᠲᠠᠰᠤᠭ ᠤᠨ ᠬᠠᠷᠢᠭᠤᠴᠠᠯᠭᠠᠲᠠᠨ ᠪᠠ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠳᠠᠶᠢᠴᠢᠯᠠᠨ ᠶᠠᠷᠢᠶᠠᠨ ᠤ ᠲᠠᠪᠴᠠᠩ ᠳᠤ ᠭᠠᠷᠭᠠᠵᠤ᠂ ᠲᠥᠷᠥ ᠶᠢᠨ ᠪᠣᠳᠣᠯᠭ᠎ᠠ ᠶᠢ ᠶᠠᠷᠢᠵᠤ᠂ ᠲᠤᠬᠠᠶᠢᠯᠠᠭᠰᠠᠨ ᠠᠵᠢᠯ ᠢᠶᠠᠨ ᠶᠠᠷᠢᠵᠤ᠂ ᠺᠠᠳ᠋ᠷᠴᠤᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠣᠲᠣ ᠪᠣᠯᠲᠠᠯ᠎ᠠ᠂ ᠡᠯ᠎ᠡ ᠱᠠᠲᠤᠨ ᠤ ᠡᠯ᠎ᠡ ᠲᠥᠷᠥᠯ ᠤᠨ ᠪᠣᠯᠪᠠᠰᠤᠷᠠᠯ ᠤᠨ ᠠᠩᠭᠢ 7 ᠬᠤᠭᠤᠴᠠᠭ᠎ᠠ ᠡᠷᠭᠢᠯᠡᠵᠦ᠂ 1454 ᠬᠦᠮᠦᠰ ᠣᠷᠣᠯᠴᠠᠪᠠ᠃
   ᠡᠮᠦᠨ᠎ᠡ ᠹᠷᠣᠨᠲ ᠲᠠᠬᠢ ᠪᠣᠯᠪᠠᠰᠤᠷᠠᠯ ᠢ ᠴᠢᠩᠭᠠᠳᠬᠠᠵᠤ᠂ ᠪᠣᠲᠠᠲᠠᠢ ᠠᠵᠢᠯᠯᠠᠬᠤ ᠴᠢᠳᠠᠪᠤᠷᠢ ᠶᠢ ᠨᠢ ᠳᠡᠭᠡᠭᠰᠢᠯᠡᠭᠦᠯᠪᠡ᠃ ᠡᠮᠦᠨ᠎ᠡ ᠹᠷᠣᠨᠲ ᠲᠤ ︽ᠵᠢᠭᠦᠷ ᠰᠥᠳᠦ ᠪᠠᠨ ᠪᠦᠷᠢᠯᠳᠦᠭᠦᠯᠬᠦ︾ ᠶᠢ ᠪᠠᠷᠢᠮᠲᠠᠯᠠᠨ᠂ ᠡᠬᠢ ᠡᠭᠦᠰᠦᠯ ᠠᠴᠠ ᠨᠢ ᠪᠣᠯᠪᠠᠰᠤᠷᠠᠭᠤᠯᠬᠤ ᠶᠢ ᠴᠢᠬᠤᠯᠠᠴᠢᠯᠠᠵᠤ᠂ ᠰᠢᠨ᠎ᠡ ᠪᠠᠷ ᠠᠵᠢᠯ ᠳᠤ ᠣᠷᠣᠭᠰᠠᠨ ᠺᠠᠳ᠋ᠷᠴᠤᠳ ᠢ ᠵᠣᠬᠢᠶᠠᠨ ᠪᠠᠶᠢᠭᠤᠯᠤᠨ ᠭᠠᠴᠠᠭ᠎ᠠ ᠲᠣᠰᠬᠤᠨ ᠬᠤᠪᠢᠶᠠᠷᠢ ᠲᠠᠯᠠᠪᠠᠶ ︵ᠨᠡᠶᠢᠭᠡᠮ ᠲᠣᠭᠤᠷᠢᠭ︶ ᠲᠤ ᠨᠢᠭᠡ ᠵᠢᠯ ᠪᠣᠯᠪᠠᠰᠤᠷᠠᠭᠤᠯᠬᠤ ᠪᠠᠷ ᠳᠡᠮᠵᠢᠨ᠂ ᠨᠢᠭᠡ ᠬᠤᠪᠢ ᠵᠢᠯ ᠤᠨ ᠲᠥᠯᠥᠪᠯᠡᠭᠡ ᠲᠣᠭᠲᠠᠭᠠᠬᠤ᠂ ᠨᠢᠭᠡ ᠲᠣᠣᠷ ᠳᠤᠭᠤᠶᠢᠯᠠᠩ ᠢ ᠬᠤᠯᠪᠣᠭᠠᠯᠠᠨ ᠳᠠᠭᠠᠭᠠᠴᠢᠯᠠᠬᠤ᠂ ᠨᠢᠭᠡ ᠪᠦᠯᠦᠭ  ᠡᠷᠦᠬᠡ ᠲᠠᠢ ᠬᠤᠯᠪᠣᠭ᠎ᠠ ᠪᠠᠶᠢᠭᠤᠯᠵᠤ ᠬᠤᠣᠰᠯᠠᠬᠤ ᠂ ᠨᠢᠭᠡ ᠪᠠᠴᠢᠮ ᠪᠡᠷᠬᠡ ᠶᠠᠪᠤᠳᠠᠯ ᠢ ᠰᠢᠢᠳᠪᠦᠷᠢᠯᠡᠬᠦ ︽ᠳᠥᠷᠪᠡᠨ ᠨᠢᠭᠡ︾ ᠶᠢᠨ ᠠᠵᠢᠯᠯᠠᠭ᠎ᠠ ᠪᠠᠷ ᠳᠠᠮᠵᠢᠨ᠂ ᠦᠨᠳᠦᠰᠦᠨ ᠱᠠᠲᠤᠨ ᠤ ᠦᠢᠯᠡᠳᠦᠯᠭᠡ ᠶᠢᠨ ᠴᠢᠳᠠᠪᠤᠷᠢ ᠶᠢ ᠨᠢ ᠳᠡᠭᠡᠭᠰᠢᠯᠡᠭᠦᠯᠪᠡ᠃ ᠬᠤᠶᠠᠷ ᠲᠠᠯ᠎ᠠ ᠳᠤ ᠲᠤᠰᠢᠶᠠᠯ ᠡᠭᠦᠷᠭᠡᠯᠡᠭᠦᠯᠬᠦ ᠪᠠᠷ ᠵᠣᠷᠢᠯᠭ᠎ᠠ ᠪᠣᠯᠭᠠᠨ᠂ ᠬᠤᠰᠢᠭᠤᠨ ᠤ ᠰᠢᠭᠤᠳ ᠬᠠᠷᠢᠶ᠎ᠠ ᠨᠢᠭᠡᠴᠡ ᠪᠣᠯᠣᠨ ᠰᠤᠮᠤ  ᠪᠠᠯᠭᠠᠰᠤ ᠲᠠᠯᠠᠪᠠᠢ ᠳᠤ 30 ᠰᠢᠯᠢᠳᠡᠭ ᠵᠠᠯᠠᠭᠤ ᠺᠠᠳ᠋ᠷ ᠢ ᠰᠣᠩᠭᠤᠨ ᠲᠣᠮᠢᠯᠠᠵᠤ ︽ᠬᠤᠶᠠᠷ ᠲᠠᠯ᠎ᠠ ᠳᠤ ᠲᠤᠰᠢᠶᠠᠯ ᠡᠭᠦᠷᠭᠡᠯᠡᠭᠦᠯᠵᠦ︾᠂  ᠳᠣᠲᠠᠭᠳᠠᠯ ᠢᠶᠠᠨ ᠨᠦᠬᠦᠪᠦᠷᠢᠯᠡᠬᠦ᠂ ᠬᠠᠷᠠᠭ᠎ᠠ ᠪᠠᠨ ᠦᠷᠭᠡᠳᠭᠡᠬᠦ ᠳᠡᠭᠡᠷ᠎ᠡ ᠬᠦᠴᠦ ᠲᠠᠯᠪᠢᠪᠠ᠃ ︽ᠭᠤᠷᠪᠠᠨ ᠡᠮᠦᠨ᠎ᠡ ᠹᠷᠣᠨᠲ︾ ᠲᠤ ᠠᠩᠬᠠᠷᠤᠯ ᠢᠶᠠᠨ ᠲᠥᠪᠯᠡᠷᠡᠭᠦᠯᠦᠨ᠂ ︽ᠮᠢᠩᠭᠠᠨ ᠺᠠᠳ᠋ᠷ ᠦᠨᠳᠦᠰᠦᠨ ᠱᠠᠲᠤᠨ ᠳᠤ ᠣᠴᠢᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ︾ ᠠᠵᠢᠯᠯᠠᠭ᠎ᠠ ᠶᠢ ᠲᠦᠰᠢᠭᠯᠡᠵᠦ᠂ 2039 ᠺᠠᠳ᠋ᠷ ᠢ ᠰᠣᠩᠭᠤᠨ ᠲᠣᠮᠢᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠵᠦ᠂ ᠲᠣᠰᠬᠤᠨ ᠳᠤ ᠰᠠᠭᠤᠭ᠎ᠠ 202 ᠺᠠᠳ᠋ᠷ 87 ᠭᠠᠴᠠᠭ᠎ᠠ ᠲᠣᠰᠬᠤᠨ ᠬᠤᠪᠢᠶᠠᠷᠢ ᠲᠠᠯᠠᠪᠠᠢ ᠳᠤ ᠬᠦᠷᠴᠦ ᠬᠠᠪᠰᠤᠷᠤᠨ ᠲᠡᠳᠬᠦᠵᠦ᠂ 70 ᠺᠠᠳ᠋ᠷ ᠬᠤᠳᠠᠯᠳᠣᠭᠠᠴᠢᠨ ᠤᠷᠢᠬᠤ ᠡᠮᠦᠨ᠎ᠡ ᠹᠷᠣᠨᠲ ᠲᠤ ᠬᠦᠷᠴᠦ ᠦᠢᠯᠡᠳᠦᠯᠭᠡᠵᠢᠭᠦᠯᠦᠨ ᠪᠣᠯᠪᠠᠰᠤᠷᠠᠵᠤ᠂ 1200 ᠭᠠᠷᠤᠢ ᠺᠠᠳ᠋ᠷ ᠬᠢᠵᠢᠭ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠬᠦᠷᠴᠦ ᠳᠠᠪᠲᠠᠨ ᠪᠣᠯᠪᠠᠰᠤᠷᠠᠵᠤ᠂ ᠺᠠᠳ᠋ᠷ ᠤᠨ ᠡᠮᠦᠨ᠎ᠡ ᠹᠷᠣᠨᠲ ᠲᠤ ᠲᠤᠷᠰᠢᠯᠭ᠎ᠠ ᠬᠤᠷᠠᠮᠳᠤᠭᠤᠯᠬᠤ᠂ ᠴᠢᠳᠠᠪᠤᠷᠢ ᠪᠠᠨ ᠪᠠᠲᠤᠳᠬᠠᠬᠤ ᠶᠢ ᠠᠬᠢᠭᠤᠯᠪᠠ᠃ ᠰᠠᠯᠠᠭ᠎ᠠ ᠶᠢᠨ ᠳᠡᠰ ᠤᠨ ᠤᠳᠤᠷᠢᠳᠬᠤ ᠺᠠᠳ᠋ᠷ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ︽ᠤᠳᠤᠷᠢᠳᠬᠤ ᠺᠠᠳ᠋ᠷ ᠲᠦᠷᠦᠭᠦᠯᠡᠨ ᠬᠦᠴᠢᠷ ᠠᠰᠠᠭᠤᠳᠠᠯ ᠢ ᠬᠦᠯᠢᠶᠡᠨ ᠠᠪᠴᠤ ᠰᠢᠢᠳᠪᠦᠷᠢᠯᠡᠬᠦ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠱᠠᠲᠤᠨ ᠤ ᠤᠳᠤᠷᠢᠳᠬᠤ ᠺᠠᠳ᠋ᠷ ᠨᠢᠭᠡᠨᠲᠡ 148 ᠵᠦᠢᠯ ᠤᠨ ᠤᠯᠠᠨ ᠲᠦᠮᠡᠨ ᠤ ᠬᠦᠴᠢᠷ ᠶᠠᠪᠤᠳᠠᠯ ᠢ ᠬᠦᠯᠢᠶᠡᠨ ᠠᠪᠴᠤ ᠰᠢᠢᠳᠪᠦᠷᠢᠯᠡᠵᠦ᠂ ᠨᠢᠭᠡᠨᠲᠡ 42 ᠵᠦᠢᠯ ᠤᠨ ᠪᠣᠳᠠᠲᠠᠢ ᠬᠦᠴᠢᠷᠳᠡᠯ ᠢ ᠰᠢᠢᠳᠪᠦᠷᠢᠯᠡᠵᠦ᠂ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠬᠠᠨᠤᠮᠵᠢᠲᠠᠢ ᠲᠥᠷᠥᠭᠳᠡᠯ ᠢ ᠪᠦᠲᠦᠮᠵᠢᠲᠡᠢ ᠳᠡᠭᠡᠭᠰᠢᠯᠡᠭᠦᠯᠪᠡ᠃
    ᠦᠷᠢᠰᠦᠯᠳᠦᠭᠡᠨ ᠢ ᠴᠢᠩᠭᠠᠳᠬᠠᠵᠤ᠂ ᠲᠤᠰᠬᠠᠢ ᠮᠡᠷᠭᠡᠵᠢᠯ ᠤᠨ ᠴᠢᠳᠠᠪᠤᠷᠢ ᠶᠢ ᠨᠢ ᠳᠡᠭᠡᠭᠰᠢᠯᠡᠭᠦᠯᠪᠡ᠃ ᠦᠷᠢᠰᠦᠯᠳᠦᠭᠡᠨ ᠢᠶᠠᠷ ᠰᠤᠷᠤᠯᠴᠠᠯᠭ᠎ᠠ ᠶᠢ ᠠᠬᠢᠭᠤᠯᠬᠤ ᠶᠢ ᠪᠠᠷᠢᠮᠲᠠᠯᠠᠵᠤ᠂ ᠪᠦᠬᠦ ᠬᠤᠰᠢᠭᠤᠨ ᠤ ᠺᠠᠳ᠋ᠷᠴᠤᠳ ᠤᠨ ᠳᠤᠮᠳᠠ᠂ ᠲᠤᠬᠠᠶᠢᠯᠠᠭᠰᠠᠨ ᠠᠵᠢᠯ ᠤᠨ ᠮᠥᠷᠥᠶᠢᠴᠡᠭᠡᠨ ᠢ ︽ᠬᠡᠪ ᠤᠨ ᠠᠵᠢᠯᠯᠠᠭᠠᠨ︾ ᠪᠣᠯᠭᠠᠨ ᠢᠳᠡᠪᠬᠢᠲᠡᠢ ᠦᠷᠨᠢᠭᠦᠯᠪᠡ᠂ ᠬᠤᠳᠠᠯᠳᠤᠭᠠᠴᠢᠨ ᠤᠷᠢᠵᠤ ᠪᠡᠯᠡ ᠲᠠᠲᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠭᠤᠣᠯᠳᠠᠯᠭ᠎ᠠ ᠲᠠᠢ ᠲᠥᠷᠥᠯ ᠵᠦᠢᠯ ᠤᠨ ᠢᠨᠵᠧᠨᠧᠷᠢᠩ ᠵᠡᠷᠭᠡ ᠠᠭᠤᠯᠭ᠎ᠠ ᠶᠢᠨ ᠲᠣᠭᠤᠷᠢᠨ ᠳᠤ᠂ ᠵᠦᠷᠢᠶᠡᠨ ᠲᠠᠢ ᠦᠨᠡᠯᠡᠬᠦ ᠪᠠ ᠪᠠᠶᠢᠩᠭᠤᠵᠢᠭᠤᠯᠤᠨ ᠰᠢᠯᠭᠠᠷᠠᠭᠤᠯᠬᠤ ᠠᠷᠭ᠎ᠠ ᠮᠠᠶ᠋ᠢᠭ ᠢ ᠠᠪᠴᠤ᠂ ︽ᠲᠤᠬᠠᠶᠢᠯᠠᠭᠰᠠᠨ ᠠᠵᠢᠯ ᠤᠨ ᠵᠢᠱᠢᠶᠡᠴᠢ︾᠂ ᠨᠠᠷᠠᠲᠤ ᠲᠥᠷᠥᠯ ᠲᠡᠮᠳᠡᠭᠲᠦ ᠶᠢ ᠴᠢᠷᠮᠠᠶᠢᠨ ᠡᠭᠦᠳᠬᠦ ᠵᠡᠷᠭᠡ ᠲᠠᠯ᠎ᠠ ᠪᠠᠷ ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠰᠢᠯᠭᠠᠷᠠᠭᠤᠯᠣᠭᠰᠠᠨ ᠦᠷ᠎ᠡ ᠳ᠋ᠦᠩ ᠢ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠯᠦᠭᠡ ᠬᠠᠷᠢᠯᠴᠠᠨ ᠤᠶᠠᠯᠳᠤᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠣᠨᠣᠯ ᠤᠨ ᠰᠢᠯᠭᠠᠯᠲᠠ ᠬᠢᠵᠦ᠂ ᠰᠢᠯᠭᠠᠷᠠᠭᠤᠯᠬᠤ ᠪᠣᠳᠠᠲᠤ ᠦᠷ᠎ᠡ ᠪᠦᠲᠦᠮᠵᠢ ᠪᠠᠨ ᠤᠯᠠᠮ ᠨᠢᠭᠡ ᠠᠯᠬᠤᠮ ᠴᠢᠩᠭᠠᠷᠠᠭᠤᠯᠪᠠ᠃ ᠵᠣᠬᠢᠶᠠᠨ ᠪᠠᠶᠢᠭᠤᠯᠬᠤ ᠠᠵᠢᠯ ᠤᠨ ᠺᠠᠳ᠋ᠷ ᠤᠨ ᠲᠤᠰ ᠪᠡᠶ᠎ᠡ ᠶᠢᠨ ᠪᠠᠶᠢᠭᠤᠯᠤᠯᠲᠠ  ᠶᠢ ᠴᠢᠬᠤᠯᠠᠴᠢᠯᠠᠵᠤ᠂ ︽ᠵᠠᠷ ᠱᠠᠯᠠᠵᠤ ᠠᠵᠢᠯ ᠲᠣᠰᠬᠤ︾ ᠭᠤᠣᠯᠳᠠᠯᠭ᠎ᠠ ᠲᠠᠢ ᠲᠥᠷᠥᠯ ᠵᠦᠢᠯ ᠲᠠᠢ ᠤᠶᠠᠯᠳᠤᠭᠤᠯᠤᠨ᠂ ᠵᠣᠬᠢᠶᠠᠨ ᠪᠠᠶᠢᠭᠤᠯᠬᠤ ᠠᠵᠢᠯ ᠤᠨ ᠠᠵᠢᠯᠲᠠᠨ ︽ᠤᠷᠢᠳᠠᠪᠠᠷ ᠠᠳᠠᠯᠢᠳᠬᠠᠬᠤ︾ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠤᠪᠢ ᠬᠤᠷᠠᠮᠳᠤᠭᠤᠯᠬᠤ ᠳᠦᠷᠢᠮ ᠤᠨ ᠬᠠᠮᠢᠶᠠᠷᠤᠯᠲᠠ ᠶᠢᠨ ᠳᠦᠷᠢᠮ ᠢ ᠭᠦᠢᠴᠡᠳ ᠬᠡᠷᠡᠭᠯᠡᠵᠦ᠂ ︽ᠨᠢᠭᠡ ᠶᠢ ᠡᠭᠦᠳᠬᠦ ᠲᠠᠪᠤ ᠶᠢ ᠠᠳᠠᠯᠢᠳᠬᠠᠬᠤ ᠬᠤᠶᠠᠷ ᠢ ᠦᠨᠡᠯᠡᠬᠦ︾ ᠠᠵᠢᠯᠯᠠᠭ᠎ᠠ ᠶᠢ ᠬᠡᠷᠡᠭᠵᠢᠭᠦᠯᠵᠦ᠂ ᠠᠵᠢᠯ ᠤᠨ ᠲᠥᠷᠥᠯ ᠵᠦᠶᠯᠴᠢᠯᠡᠭᠰᠡᠨ ᠬᠠᠮᠢᠶᠠᠷᠤᠯᠲᠠ ᠶᠢᠨ ᠰᠢᠨ᠎ᠡ ᠶᠢ ᠡᠭᠦᠳᠴᠦ᠂ ᠣᠨᠴᠠᠯᠢᠭ ᠲᠠᠢ ᠬᠢᠯᠡᠰ ᠴᠡᠭ ᠠᠷᠭ᠎ᠠ ᠬᠢᠳᠡᠯ ᠢ ᠠᠭᠤᠳᠠᠯᠤᠨ ᠪᠣᠯᠪᠠᠰᠤᠷᠠᠭᠤᠯᠵᠤ᠂ ᠠᠵᠢᠯ ᠤᠨ ᠪᠣᠳᠠᠲᠤ ᠪᠦᠲᠦᠮᠵᠢ ᠨᠢ ᠰᠠᠶᠢᠨ᠂ ᠲᠤᠬᠠᠶᠢᠯᠠᠭᠰᠠᠨ ᠠᠵᠢᠯ ᠤᠨ ᠴᠢᠳᠠᠪᠤᠷᠢ ᠨᠢ ᠰᠠᠶᠢᠨ᠂ ᠪᠦᠯᠬᠦᠮᠳᠡᠨ ᠬᠠᠮᠵᠢᠯᠴᠠᠬᠤ ᠨᠢ ᠰᠠᠶᠢᠨ᠂ ᠣᠶᠤᠨ ᠰᠠᠨᠠᠭᠠᠨ ᠤ ᠳᠦᠷᠢ ᠲᠥᠷᠬᠦ ᠨᠢ ᠰᠠᠶᠢᠨ ᠪᠠ ᠠᠵᠢᠯ ᠤᠨ ᠣᠷᠴᠢᠨ ᠲᠣᠭᠤᠷᠢᠨ ᠨᠢ ᠰᠠᠶᠢᠨ ᠪᠠᠶᠢᠬᠤ ᠪᠠᠷ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠨ᠂ ᠳᠤᠭᠤᠶᠢᠯᠠᠩ ᠲᠠᠰᠤᠭ ᠠᠴᠠ ᠥᠪᠡᠷ ᠢ ᠪᠠᠨ ᠲᠠᠨᠢᠯᠴᠠᠭᠤᠯᠬᠤ᠂ ᠺᠠᠳ᠋ᠷᠴᠣᠳ ᠪᠢᠯᠧᠲ ᠥᠭᠬᠦ ᠠᠷᠭ᠎ᠠ ᠮᠠᠶ᠋ᠢᠭ ᠢ ᠬᠡᠷᠡᠭᠯᠡᠨ᠂ ︽ ᠵᠤᠬᠢᠶᠠᠨ ᠪᠠᠶᠢᠭᠤᠯᠬᠤ ᠠᠵᠢᠯ ᠤᠨ ᠵᠢᠱᠢᠶᠡᠴᠢ ᠠᠵᠢᠯᠲᠠᠨ︾ ︽ᠬᠤᠰᠢᠭᠤᠴᠢ ᠳᠤᠭᠤᠶᠢᠯᠠᠩ ᠲᠠᠰᠤᠭ︾ ᠢ ᠰᠢᠯᠭᠠᠷᠠᠭᠤᠯᠵᠤ᠂ ᠠᠳᠠᠯᠢᠳᠬᠠᠬᠤ ᠰᠤᠷᠣᠯᠴᠠᠬᠤ ᠭᠦᠢᠴᠡᠬᠦ ᠳᠠᠪᠠᠭ᠋ᠣ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠣᠲᠣ 15 ᠰᠠᠯᠠᠭ᠎ᠠ ᠮᠥᠴᠢᠷ ᠨᠢᠭᠡᠴᠡ ᠬᠢᠨ ︽ᠲᠠᠶᠢᠰᠠᠨ ᠤ ᠮᠥᠷᠥᠶᠢᠴᠡᠭᠡᠨ︾ ︽ᠮᠡᠳᠡᠯᠭᠡ ᠶᠢᠨ ᠤᠷᠤᠯᠳᠤᠭᠠᠨ︾ ᠵᠡᠷᠭᠡ ᠠᠵᠢᠯᠯᠠᠭ᠎ᠠ ᠡᠷᠭᠢᠯᠡᠵᠦ᠂ ᠣᠨᠣᠯ ᠤᠨ ᠮᠡᠳᠡᠯᠭᠡ ᠶᠢᠨ ᠰᠢᠯᠭᠠᠯᠲᠠ 67 ᠤᠳᠠᠭ᠎ᠠ ᠬᠢᠪᠡ᠃
   ᠳᠦᠷᠢᠮ ᠲᠣᠭᠲᠠᠭᠠᠯ ᠢᠶᠠᠨ ᠪᠦᠷᠢᠳᠦᠭᠦᠯᠬᠦ ᠶᠢ ᠴᠢᠩᠭᠠᠳᠬᠠᠵᠤ᠂ ᠵᠢᠷᠤᠮᠵᠢᠯ ᠤᠨ ᠬᠢᠷᠢ ᠲᠦᠪᠰᠢᠨ ᠢ ᠨᠢ ᠳᠡᠭᠡᠭᠰᠢᠯᠡᠭᠦᠯᠪᠡ᠃ ︽ᠠᠷᠪᠠᠨ ᠠᠵᠢᠯᠯᠠᠭ᠎ᠠ︾ ᠪᠠᠷ ᠴᠢᠬᠤᠯᠠ ᠰᠢᠵᠢᠮ ᠪᠣᠯᠭᠠᠬᠤ ᠶᠢ ᠪᠠᠷᠢᠮᠲᠠᠯᠠᠵᠤ᠂ ᠳᠦᠷᠢᠮ ᠤᠨ ᠪᠠᠶᠢᠭᠤᠯᠤᠯᠲᠠ᠂ ᠪᠣᠳᠠᠲᠤ ᠠᠮᠵᠢᠯᠲᠠ ᠶᠢ ᠠᠳᠠᠯᠢᠳᠬᠠᠨ ᠰᠢᠯᠭᠠᠷᠠᠭᠤᠯᠬᠤ ᠳᠡᠭᠡᠷ᠎ᠡ ᠬᠦᠴᠦ ᠲᠠᠯᠪᠢᠵᠤ᠂ ︽︿ᠤᠳᠤᠷᠢᠳᠬᠤ ᠺᠠᠳ᠋ᠷ ᠪᠠᠶᠢᠩᠭᠤ ᠶᠠᠷᠢᠶᠠᠨ ᠤ ᠲᠠᠪᠴᠠᠩ ᠳᠤ ᠭᠠᠷᠬᠤ﹀ ᠬᠠᠮᠢᠶᠠᠷᠤᠯᠲᠠ ᠶᠢᠨ ᠠᠷᠭ᠎ᠠ︾᠂ ︽︿ᠤᠳᠤᠷᠢᠳᠬᠤ ᠺᠠᠳ᠋ᠷ ᠲᠦᠷᠦᠭᠦᠯᠡᠨ ᠬᠦᠴᠢᠷ ᠠᠰᠠᠭᠤᠳᠠᠯ ᠢ ᠬᠦᠯᠢᠶᠡᠨ ᠠᠪᠴᠤ ᠰᠢᠢᠳᠪᠦᠷᠢᠯᠡᠬᠦ  ﹀ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠬᠡᠷᠡᠭᠵᠢᠭᠦᠯᠦᠯᠲᠡ ᠶᠢᠨ ᠲᠥᠰᠥᠯ︾᠂ ︽ᠲᠦᠷ ᠲᠤᠰᠢᠶᠠᠯ ᠡᠭᠦᠷᠭᠡᠯᠡᠬᠦ ᠺᠠᠳ᠋ᠷ ᠤᠨ ᠬᠠᠮᠢᠶᠠᠷᠤᠯᠲᠠ ᠶᠢᠨ ᠠᠷᠭ᠎ᠠ︾ ᠵᠡᠷᠭᠡ 7 ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ ᠵᠢᠷᠤᠮᠵᠢᠭᠤᠯᠤᠯᠲᠠ ᠪᠠ ᠳᠦᠷᠢᠮᠵᠢᠭᠦᠯᠦᠯᠲᠡ ᠶᠢᠨ ᠠᠵᠢᠯᠯᠠᠭ᠎ᠠ ᠶᠢ ᠪᠦᠲᠦᠮᠵᠢᠲᠡᠶ ᠲᠦᠯᠬᠢᠨ ᠠᠬᠢᠭᠤᠯᠪᠠ᠃ ︽ᠠᠮᠵᠢᠯᠲᠠ ᠪᠦᠲᠦᠮᠵᠢ ᠶᠢ ᠠᠳᠠᠯᠢᠳᠬᠠᠨ ᠰᠢᠯᠭᠠᠷᠠᠭᠤᠯᠵᠤ︾ ᠲᠡᠷᠢᠭᠦᠨ ᠳᠤ ᠣᠷᠣᠬᠤ ᠪᠠᠷ ᠴᠢᠷᠮᠠᠶᠢᠬᠤ ᠠᠵᠢᠯᠯᠠᠭ᠎ᠠ ᠶᠢ ᠲᠦᠰᠢᠭᠯᠡᠨ᠂ ᠬᠠᠨᠳᠤᠯᠭᠠᠲᠤ ᠴᠢᠨᠠᠷᠲᠠᠢ ᠪᠠᠷ ᠺᠠᠳ᠋ᠷ ᠤᠨ ᠳᠡᠭᠡᠳᠦ ᠱᠠᠲᠤᠨ ᠤ ᠪᠣᠯᠪᠠᠰᠣᠷᠠᠯ ᠳᠤ ᠣᠷᠣᠯᠴᠠᠭᠰᠠᠨ ᠪᠠᠶᠢᠳᠠᠯ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠭᠤᠣᠯ ᠴᠣᠭᠴᠠ ᠶᠢᠨ ᠠᠩᠭᠢ ᠶᠢᠨ ᠪᠣᠯᠪᠠᠰᠤᠷᠠᠭᠤᠯᠤᠯ ᠳᠤ ᠣᠷᠣᠯᠴᠠᠭᠰᠠᠨ ᠪᠠᠶᠢᠳᠠᠯ ᠪᠠ ᠲᠣᠰ ᠨᠢᠭᠡᠴᠡ ᠶᠢᠨ ᠥᠪᠡᠷ ᠢᠶᠠᠨ ᠥᠷᠨᠢᠭᠦᠯᠦᠭᠰᠡᠨ ᠪᠣᠯᠪᠠᠰᠤᠷᠠᠭᠤᠯᠤᠯ᠂ ᠦᠨᠡᠯᠡᠯᠲᠡ᠂ ᠰᠢᠯᠭᠠᠷᠠᠭᠤᠯᠤᠯᠲᠠ᠂ ᠰᠢᠯᠭᠠᠯᠲᠠ ᠵᠡᠷᠭᠡ ᠣᠷᠣᠯᠴᠠᠭᠰᠠᠨ ᠶᠡᠷᠦᠩᠬᠡᠢ ᠪᠠᠶᠢᠳᠠᠯ ᠢ ᠣᠨ ᠤ ᠬᠢᠨᠠᠨ ᠰᠢᠯᠭᠠᠬᠤ ᠠᠭᠤᠯᠭ᠎ᠠ ᠳᠤ ᠣᠷᠣᠭᠤᠯᠵᠤ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ᠂ ᠶᠠᠷᠢᠯᠴᠠᠨ ᠰᠣᠯᠢᠯᠴᠠᠬᠤ᠂ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠬᠦ ᠪᠠ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠬᠡᠮᠵᠢᠶᠡᠵᠢᠭᠦᠯᠦᠨ ᠬᠤᠪᠢ ᠣᠯᠭᠤᠵᠤ᠂ ᠵᠢᠴᠢ ᠤᠨᠤᠯ ᠤᠨ ᠰᠢᠯᠭᠠᠯᠲᠠ ᠪᠠ ᠠᠮᠵᠢᠯᠲᠠ ᠪᠦᠲᠦᠮᠵᠢ ᠶᠢ ᠠᠳᠠᠯᠢᠳᠬᠠᠨ ᠦᠨᠡᠯᠡᠬᠦ ᠶᠢ ᠣᠷᠭᠠᠨᠢᠭ ᠢᠶᠠᠷ ᠤᠶᠠᠯᠳᠤᠭᠤᠯᠵᠤ᠂ ᠶᠡᠷᠦᠩᠬᠡᠶᠢᠯᠡᠭᠰᠡᠨ ᠦᠷ᠎ᠡ ᠳ᠋ᠦᠩ ᠢᠶᠠᠷ ᠺᠠᠳ᠋ᠷ ᠢ ᠣᠶᠢᠯᠠᠭᠠᠵᠤ ᠦᠨᠡᠯᠡᠬᠦ᠂ ᠺᠠᠳ᠋ᠷ ᠢ ᠢᠯᠡᠷᠡᠭᠦᠯᠵᠦ ᠢᠯᠭᠠᠨ ᠲᠠᠨᠢᠬᠤ᠂ ᠺᠠᠳ᠋ᠷ ᠢ ᠬᠢᠨᠠᠨ ᠰᠢᠯᠭᠠᠵᠤ ᠬᠥᠮᠥᠵᠢᠭᠦᠯᠬᠦ ᠶᠢᠨ ᠴᠢᠬᠤᠯᠠ ᠦᠨᠳᠦᠰᠦᠯᠡᠯ ᠪᠣᠯᠭᠠᠵᠤ᠂ ᠬᠥᠮᠥᠨ ᠬᠡᠷᠡᠭᠯᠡᠬᠦ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠺᠠᠳ᠋ᠷᠴᠤᠳ ᠤᠨ ᠠᠵᠢᠯ ᠬᠢᠵᠦ ᠠᠳᠠᠯ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号