ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ ᠦᠨᠡᠨ ᠬᠦ ᠬᠠᠮᠠᠭᠠᠯᠠᠵᠤ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠥᠳᠡᠯᠦᠯ ᠪᠠᠶᠢᠳᠠᠯ ᠢ ᠴᠠᠭ ᠲᠤᠬᠠᠢ ᠳᠤᠨᠢ ᠡᠵᠡᠮᠰᠢᠨ᠂ ᠨᠤᠲᠤᠭ | ᠪᠡᠯᠴᠢᠭᠡᠷ ᠲᠡᠭᠡᠷ᠎ᠡ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠡᠪᠡᠰᠤ ᠮᠠᠯ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ | ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 28 ᠤ ᠡᠳᠦᠷ᠂ | ᠦᠨᠡᠭᠡᠴᠢ ᠰᠤᠮᠤ ᠶᠢᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠵᠢᠯᠲᠠᠳ | ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠰᠡᠯᠬᠦᠨ ᠮᠠᠯᠵᠢᠬᠤ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠠᠵᠢᠯ | ᠥᠷᠨᠢᠭᠦᠯᠪᠡ᠃ ᠲᠣᠭᠤᠷᠢᠨ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠠᠬᠤᠢ ᠲᠠᠯᠠᠪᠤᠷ ᠲᠤ | ᠮᠠᠯᠴᠢᠨ ᠲᠠᠷᠢᠶᠠᠴᠢᠨ ᠳᠤ ᠤᠬᠠᠭᠤᠯᠭ᠎ᠠ ᠬᠥᠮᠦᠵᠢᠯ ᠬᠢᠵᠦ᠂ ᠮᠠᠯᠴᠢᠨ ᠲᠠᠷᠢᠶᠠᠴᠢᠨ ᠢ ᠪᠡᠯᠴᠢᠭᠡᠷᠯᠡᠭᠦᠯᠬᠦ ᠶᠢ | ᠴᠠᠭᠠᠵᠠᠯᠠᠬᠤ ᠪᠠ ᠰᠡᠯᠬᠦᠨ ᠮᠠᠯᠵᠢᠬᠤ ᠬᠤᠭᠤᠴᠠᠭᠠᠨ ᠳᠤ ᠡᠪᠡᠰᠦ ᠪᠣᠷᠳᠤᠭ᠎ᠠ ᠪᠠᠨ ᠲᠣᠬᠢᠷᠠᠭᠤᠯᠤᠨ ᠬᠤᠳᠠᠯᠳᠤᠨ | ᠠᠪᠬᠤ᠂ ᠨᠥᠭᠡᠴᠡᠯᠡᠬᠦ ᠠᠵᠢᠯ ᠢ ᠭᠦᠢᠴᠡᠳ ᠰᠠᠶᠢᠲᠤᠷ ᠬᠢᠬᠦ ᠶᠢ ᠰᠠᠨᠠᠭᠤᠯᠬᠤ ᠶᠢᠨ ᠬᠠᠮᠲᠤ᠂ ᠮᠠᠯᠵᠢᠬᠤ ᠶᠢ | ᠴᠠᠭᠠᠵᠠᠯᠠᠬᠤ ᠬᠤᠭᠤᠴᠠᠭᠠᠨ ᠳᠤ ᠪᠤᠳᠠ ᠪᠤᠭ ᠮᠠᠯ ᠢᠶᠠᠨ ᠴᠥᠮ ᠬᠠᠰᠢᠶᠠᠯᠠᠨ ᠲᠡᠵᠢᠭᠡᠬᠦ ᠬᠡᠷᠡᠭᠲᠡᠢ᠂ ᠪᠡᠯᠴᠢᠭᠡᠷ ᠲᠤ | ᠮᠠᠯᠵᠢᠵᠤ ᠪᠣᠯᠬᠤ ᠦᠭᠡᠢ᠂ ᠰᠥᠨᠢ ᠪᠠᠷ ᠮᠠᠯᠵᠢᠬᠤ᠂ ᠬᠤᠯᠠᠭᠠᠶᠢᠯᠠᠨ ᠮᠠᠯᠵᠢᠬᠤ ᠦᠶᠯᠡ ᠠᠵᠢᠯᠯᠠᠭ᠎ᠠ ᠶᠢ ᠡᠷᠡᠰ | ᠲᠡᠪᠴᠢᠬᠦ ᠬᠡᠷᠡᠭᠲᠡᠢ ᠭᠡᠵᠦ ᠮᠡᠳᠡᠭᠳᠡᠪᠡ᠃ | | |