ᠪᠠᠶᠠᠨᠲᠠᠯ᠎ᠠ ᠰᠤᠮᠤ ᠮᠡᠬᠡᠯᠡᠬᠦ ᠶᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/30
      ᠡᠯ᠎ᠡ ᠲᠥᠷᠥᠯ ᠤᠨ ᠮᠡᠬᠡᠯᠡᠯ ᠢ ᠡᠰᠡᠷᠭᠦᠴᠡᠬᠦ ᠮᠡᠳᠡᠯᠭᠡ ᠶᠢ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ︽ᠵᠣᠭᠤᠰᠤᠨ ᠴᠦᠩᠬᠦ︾ ᠶᠢ ᠪᠠᠲᠤ ᠰᠠᠬᠢᠵᠤ᠂ ᠥᠷᠭᠡᠨ ᠣᠯᠠᠨ ᠠᠷᠠᠳ ᠲᠦᠮᠡᠨ ᠤ ᠴᠠᠬᠢᠯᠭᠠᠨ ᠬᠤᠯᠪᠣᠭ᠎ᠠ ᠰᠦᠯᠵᠢᠶᠡᠨ ᠢᠶᠠᠷ ᠮᠡᠬᠡᠯᠡᠬᠦ ᠶᠢ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 29 ᠤ ᠡᠳᠦᠷ᠂ ᠪᠠᠶᠠᠨᠲᠠᠯ᠎ᠠ ᠰᠤᠮᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠪᠠ ᠲᠣᠮᠢᠯᠠᠭᠰᠠᠨ ᠰᠠᠯᠪᠤᠷᠢ ᠬᠠᠮᠲᠤᠷᠠᠭᠰᠠᠨ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠲᠤ ᠬᠦᠷᠴᠤ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠪᠣᠯᠣᠨ ᠰᠠᠶᠢᠨ ᠳᠤᠷ᠎ᠠ ᠶᠢᠨ ᠠᠵᠢᠯᠯᠠᠭᠴᠢᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠬᠦ ᠪᠠ ︽ᠮᠡᠬᠡᠯᠡᠯ ᠢ ᠡᠰᠡᠷᠭᠦᠴᠡᠬᠦ︾ APP ᠶᠢ ᠪᠠᠭᠤᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠠᠬᠢᠯᠭᠠᠨ ᠬᠤᠯᠪᠣᠭ᠎ᠠ ᠰᠦᠯᠵᠢᠶᠡᠨ ᠢᠶᠠᠷ ᠮᠡᠬᠡᠯᠡᠬᠦ ᠲᠤᠬᠠᠢ ᠠᠷᠭ᠎ᠠ ᠪᠢᠰᠢᠷ ᠵᠢᠴᠢ ᠠᠮᠢᠳᠤᠷᠠᠯ ᠳᠤ ᠪᠠᠶᠢᠩᠭᠤ ᠲᠣᠬᠢᠶᠠᠯᠳᠤᠳᠠᠭ ᠴᠠᠬᠢᠯᠭᠠᠨ ᠬᠤᠯᠪᠣᠭ᠎ᠠ ᠰᠦᠯᠵᠢᠶᠡᠨ ᠢᠶᠠᠷ ᠮᠡᠭᠡᠯᠡᠬᠦ ᠬᠡᠯᠪᠡᠷᠢ ᠵᠡᠷᠭᠡ ᠮᠡᠳᠡᠯᠭᠡ ᠶᠢ ᠣᠯᠠᠨ ᠲᠦᠮᠡᠨ ᠳᠤ ᠲᠠᠶᠢᠯᠪᠤᠷᠢᠯᠠᠵᠤ ᠥᠭᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号