5 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠹᠠᠩ ᠢᠦᠢ ᠳ᠋ᠦᠩ ᠵᠠᠷᠤᠳ ᠬᠤᠰᠢᠭᠤᠨ ᠳᠤ ᠢᠷᠡᠵᠦ ᠬᠥᠳᠡᠭᠡ | ᠲᠣᠰᠬᠤᠨ ᠤ ᠠᠵᠤ ᠠᠬᠤᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠵᠠᠰᠠᠯᠳᠠ ᠵᠡᠷᠭᠡ | ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ | | ᠹᠠᠩ ᠢᠦᠢ ᠳ᠋ᠦᠩ ᠤᠷᠢᠳ ᠬᠤᠵᠢᠳ ᠭᠡᠷᠴᠢᠯᠠᠭᠤ ᠰᠤᠮᠤ ᠶᠢᠨ ᠪᠠᠶᠠᠨᠪᠤᠯᠠᠭ ᠭᠠᠴᠠᠭ᠎ᠠ᠂ ᠭᠠᠭ᠋ᠠᠶᠢᠳᠤ | ᠪᠠᠯᠭᠠᠰᠤ ᠶᠢᠨ ᠰᠠᠷᠠᠬᠠᠳᠠ ᠭᠠᠴᠠᠭ᠎ᠠ ᠳᠤ ᠬᠦᠷᠴᠦ᠂ ᠲᠣᠰᠬᠤᠨ ᠤ ᠺᠠᠳ᠋ᠷ ᠤᠨ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠬᠤᠷᠰᠢᠶ᠎ᠠ ᠶᠢᠨ ᠡᠵᠡᠩᠨᠡᠯᠲᠡ᠂ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠤᠨᠤᠰᠪᠠ᠃ | ᠲᠡᠷᠡ᠂ ᠨᠡᠶᠢᠭᠡᠮ ᠤᠨ ᠵᠠᠰᠠᠯᠲᠠ ᠶᠢᠨ ᠵᠠᠩᠭᠢᠯᠠᠭ᠎ᠠ ᠨᠢ ᠦᠨᠳᠦᠰᠦᠨ ᠱᠠᠲᠤᠨ ᠳᠤ ᠪᠤᠢ᠂ ᠲᠣᠰᠬᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠱᠦᠵᠢ ᠬᠠᠮᠤᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠠᠵᠢᠯᠲᠠᠨ ᠪᠣᠯᠤᠭᠰᠠᠨ ᠤ ᠬᠤᠪᠢ ᠳᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠭᠦᠢᠴᠡᠳ | ᠪᠠᠳᠠᠷᠠᠭᠤᠯᠵᠤ᠂ ᠤᠯᠠᠨ ᠲᠦᠮᠡᠨ ᠤ ᠠᠰᠢᠭ ᠲᠤᠰᠠ ᠲᠠᠢ ᠬᠤᠯᠪᠣᠭᠳᠠᠬᠤ ᠤᠴᠢᠷ ᠶᠠᠪᠤᠳᠠᠯ ᠢ ᠵᠣᠬᠢᠰᠲᠠᠢ ᠰᠠᠶᠢᠲᠤᠷ | ᠰᠢᠢᠳᠪᠦᠷᠢᠯᠡᠬᠦ ᠬᠡᠷᠡᠭᠲᠡᠢ᠃ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢ ᠲᠠᠰᠤᠷᠠᠯᠲᠠ ᠦᠭᠡᠢ | ᠰᠤᠷᠤᠯᠴᠠᠵᠤ᠂ ︽ᠡᠮᠦᠨ᠎ᠡ ᠤᠷᠤᠨ ᠳᠤ ᠹᠧᠩ ᠴᠢᠶᠤᠤ᠂ ᠤᠮᠠᠷᠠᠳᠤ ᠤᠷᠤᠨ ᠳᠤ ᠲᠦᠩᠯᠢᠶᠣᠣ ᠪᠠᠶᠢᠬᠤ︾ | ᠬᠠᠷᠠᠯᠲᠠ ᠶᠢᠨ ᠲᠣᠭᠤᠷᠢᠨ ᠳᠤ᠂ ᠡᠯ᠎ᠡ ᠵᠦᠢᠯ ᠤᠨ ᠠᠵᠢᠯ ᠢ ᠨᠠᠷᠢᠨ ᠨᠢᠭᠲᠠ ᠨᠠᠶᠢᠳᠠᠪᠤᠷᠢᠵᠢᠭᠤᠯᠬᠤ ᠬᠡᠷᠡᠭᠲᠡᠢ᠃ | ᠲᠤᠤᠷ ᠤᠨ ᠠᠵᠢᠯᠲᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ | ᠰᠠᠭᠤᠷᠢ ᠶᠢ ᠲᠠᠰᠤᠷᠠᠯᠲᠠ ᠦᠭᠡᠢ ᠪᠠᠲᠤᠳᠬᠠᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠴᠢᠩᠭᠠᠳᠬᠠᠵᠤ᠂ ᠵᠥᠷᠢᠴᠡᠯ ᠠᠰᠠᠭᠤᠳᠠᠯ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ | ᠠᠰᠠᠭᠤᠳᠠᠯ ᠢ ᠦᠨᠳᠦᠰᠦᠨ ᠱᠠᠲᠤᠨ ᠳᠤ ᠢᠯᠡᠷᠡᠭᠦᠯᠬᠦ ᠶᠢ ᠪᠠᠲᠤᠯᠠᠵᠤ᠂ ᠠᠰᠠᠭᠤᠳᠠᠯ ᠢ ᠴᠤᠬᠤᠶᠢᠵᠤ ᠪᠠᠶᠢᠭ᠎ᠠ ᠦᠶ᠎ᠡ᠂ | ᠡᠬᠢᠨ ᠤ ᠦᠶ᠎ᠡ ᠳᠤ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠪᠤᠷᠢᠯᠠᠪᠠ᠃ | | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠪᠣᠯ ᠵᠠᠩᠭᠢᠯᠠᠭ᠎ᠠ ᠪᠣᠯᠣᠨ᠎ᠠ᠃ ᠹᠠᠩ | ᠢᠦᠢ ᠳ᠋ᠦᠩ ᠬᠤᠩᠬᠠᠳᠤ ᠠᠭᠤᠯᠠ ᠪᠠᠯᠭᠠᠰᠤ ᠶᠢᠨ ᠶᠠᠩ ᠭᠤᠸᠠᠩ ᠨᠡᠶᠢᠭᠡᠮ ᠲᠣᠭᠤᠷᠢᠭ ᠤᠨ ᠲᠤᠯᠠᠭᠠᠨ | ᠬᠦᠯᠡᠮᠵᠢ ᠶᠢᠨ ᠢᠳᠡᠰᠢᠨ ᠨᠣᠭᠤᠭᠠᠨ ᠤ ᠲᠣᠭᠤᠷᠢᠭ ᠲᠤ ᠬᠦᠷᠴᠦ᠂ ᠢᠳᠡᠰᠢᠨ ᠨᠣᠭᠤᠭᠠᠨ ᠤ ᠴᠢᠬᠢ ᠶᠢᠨ | ᠤᠷᠭᠤᠯᠲᠠ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠬᠦᠯᠡᠮᠵᠢ ᠶᠢᠨ ᠬᠡᠪᠴᠢᠶ᠎ᠡ ᠲᠠᠯᠠᠪᠠᠢ ᠵᠢᠴᠢ ᠠᠰᠢᠭ | ᠣᠷᠣᠯᠭ᠎ᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠲᠤᠯᠠᠭᠠᠨ ᠬᠦᠯᠡᠮᠵᠢ ᠶᠢᠨ ᠢᠳᠡᠰᠢᠨ ᠨᠣᠭᠤᠭᠠᠨ ᠤ | ᠲᠣᠭᠤᠷᠢᠭ ᠤᠨ ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠶᠢ ᠭᠦᠢᠴᠡᠳ ᠨᠤᠲᠠᠯᠠᠪᠠ᠃ ᠳᠠᠷᠠᠭ᠎ᠠ ᠨᠢ ᠲᠡᠷᠡ | ᠴᠢᠨᠳᠠᠮᠨᠤᠢ ᠰᠤᠮᠤ ᠶᠢᠨ ᠨᠤᠭᠤᠭᠠᠨᠴᠢᠯᠠᠭᠤ ᠭᠠᠴᠠᠭ᠎ᠠ ᠳᠤ ᠬᠦᠷᠴᠦ᠂ ᠴᠢᠨᠳᠠᠮᠨᠤᠢ ᠠᠮᠢ ᠠᠬᠤᠢ ᠶᠢᠨ ᠡᠪᠡᠰᠦ | ᠮᠣᠳᠣᠨ ᠤ ᠰᠠᠭᠤᠷᠢᠨ ᠭᠠᠵᠠᠷ ᠢ ᠪᠠᠶᠢᠴᠠᠭᠠᠨ ᠦᠵᠡᠭᠰᠡᠨ ᠪᠥᠭᠡᠳ ᠬᠠᠮᠢᠶ᠎ᠠ ᠪᠦᠬᠦᠢ ᠬᠠᠷᠢᠭᠤᠴᠠᠯᠭᠠᠲᠠᠨ ᠤ ᠰᠠᠭᠤᠷᠢᠨ | ᠭᠠᠵᠠᠷ ᠤᠨ ᠬᠥᠭᠵᠢᠯᠲᠡ ᠶᠢᠨ ᠵᠠᠭᠪᠤᠷ ᠪᠣᠯᠣᠨ ᠡᠵᠡᠩᠨᠡᠯᠲᠡ ᠬᠠᠮᠢᠶᠠᠷᠤᠯᠲᠠ ᠶᠢᠨ ᠠᠷᠭ᠎ᠠ ᠶᠢᠨ ᠲᠤᠬᠠᠢ | ᠲᠠᠨᠢᠯᠴᠠᠭᠤᠯᠭ᠎ᠠ ᠶᠢ ᠰᠤᠨᠤᠰᠪᠠ᠃ ᠲᠡᠷᠡ ᠬᠡᠯᠡᠬᠦ ᠳᠡᠭᠡᠨ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ | ᠲᠦᠷᠦᠭᠦᠯᠡᠨ ︽ᠳᠣᠷᠣᠭᠰᠢ ᠪᠠᠭᠤᠵᠤ︾᠂ ᠲᠠᠷᠢᠶᠠᠨ ᠭᠠᠵᠠᠷ ᠲᠤ ᠢᠯᠡᠭᠦᠬᠡᠨ ᠬᠦᠷᠴᠦ᠂ ᠠᠷᠠᠳ ᠣᠯᠠᠨ ᠠᠴᠠ | ᠰᠤᠷᠤᠯᠴᠠᠵᠤ᠂ ᠲᠤᠷᠰᠢᠯᠭ᠎ᠠ ᠰᠤᠷᠤᠯᠴᠠᠨ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ | ᠣᠨᠴᠠᠯᠢᠭᠲᠤ ᠠᠵᠤ ᠦᠢᠯᠡᠰ ᠢ ᠬᠦᠭᠵᠢᠭᠦᠯᠵᠦ᠂ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ | ᠬᠡᠷᠡᠭᠲᠡᠢ᠃ ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯ ᠤᠨ ᠪᠠᠶᠢᠷᠢ ᠶᠢᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠤᠯᠠᠨ ᠲᠦᠮᠡᠨ ᠢ | ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠵᠦ᠂ | ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠰᠡᠳᠭᠢᠯᠭᠡ᠂ ᠠᠮᠤᠷ ᠲᠠᠶᠢᠪᠤᠩ ᠪᠤᠳᠤᠯ ᠢ | ᠨᠡᠮᠡᠭᠳᠡᠭᠦᠯᠬᠦ ᠬᠡᠷᠡᠭᠲᠡᠢ ᠭᠡᠪᠡ᠃ | | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠱᠦᠵᠢ ᠭᠦᠸᠧ ᠮᠢᠩ ᠴᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ᠂ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠴᠢ ᠵᠠᠷᠤᠳ | ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ | ᠬᠢᠪᠡ᠃ | |