| | 5 ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ ᠤᠨ ᠪᠠᠷᠢᠮᠵᠢᠶᠠᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠤᠲᠠ ᠶᠢᠨ ᠲᠠᠰ ᠤᠨ | ᠰᠢᠯᠭᠠᠨ ᠬᠤᠷᠢᠶᠠᠬᠤ ᠳᠤᠭᠤᠶᠢᠯᠠᠩ ᠬᠢᠨ ᠵᠠᠷᠤᠳ ᠬᠤᠰᠢᠭᠤᠨ ᠳᠤ ᠢᠷᠡᠵᠦ ᠰᠢᠯᠭᠠᠨ ᠬᠤᠷᠢᠶᠠᠪᠠ᠃ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠣᠣ ᠼᠠᠢ ᠶᠠᠨ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃ | | ᠰᠢᠯᠭᠠᠨ ᠬᠤᠷᠢᠶᠠᠬᠤ ᠳᠤᠭᠤᠶᠢᠯᠠᠩ ᠤᠨ ᠬᠢᠨ ᠤᠷᠢᠳ ᠬᠤᠵᠢᠳ ᠬᠤᠰᠢᠭᠤᠨ ᠤ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠲᠥᠪ᠂ ᠵᠠᠷᠤᠳ ᠬᠠᠳᠬᠤᠮᠠᠯ ᠤᠨ ᠣᠷᠳᠣᠨ᠂ ᠬᠤᠰᠢᠭᠤᠨ ᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ᠂ ᠰᠢᠶᠠᠩᠱᠠᠨ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠭᠠᠵᠠᠷ᠂ ᠭᠠᠭ᠋ᠠᠶᠢᠲᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠭᠠᠵᠠᠷ᠂ ᠳ᠋ᠠ ᠯᠢᠦ ᠱᠤ᠋ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ᠂ | ᠰᠢᠶᠦᠦ ᠾᠧ ᠰᠢ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠰᠢᠶᠠᠩᠱᠠᠨ | ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ᠂ ᠡᠦ ᠳ᠋ᠤᠸᠠᠨ ᠳ᠋ᠢ ᠲᠣᠰᠬᠤᠨ ᠤ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ᠂ ᠰᠠᠷᠠᠬᠠᠳᠠ ᠭᠠᠴᠠᠭ᠎ᠠ ᠶᠢᠨ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ᠂ ᠬᠥᠬᠡᠬᠠᠳᠠ ᠭᠠᠴᠠᠭ᠎ᠠ ᠶᠢᠨ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠦᠷᠳᠡᠭᠡ᠂ ᠨᠠᠢᠮᠠᠯᠵᠢ ᠭᠠᠴᠠᠭ᠎ᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠦᠷᠳᠡᠭᠡ᠂ ᠭᠠᠭ᠋ᠠᠶᠢᠲᠤ ᠭᠠᠴᠠᠭ᠎ᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠦᠷᠳᠡᠭᠡ ᠲᠤ ᠬᠦᠷᠴᠦ᠂᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠶᠠᠷᠢᠯᠴᠠᠨ | ᠰᠣᠯᠢᠯᠴᠠᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠲᠠᠶᠢᠯᠤᠮᠵᠢ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠡᠯ᠎ᠡ | ᠭᠠᠵᠠᠷ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠭᠠᠵᠠᠷ ︵ᠥᠷᠲᠡᠭᠡ︶ ᠤᠨ ᠬᠠᠲᠠᠭᠤ | ᠵᠦᠭᠡᠯᠡᠨ ᠲᠣᠨᠤᠭ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠰᠠᠶᠢᠨ ᠳᠤᠷ᠎ᠠ ᠶᠢᠨ ᠦᠢᠯᠡᠴᠢᠯᠡᠭᠡᠨ ᠤ | ᠠᠩᠭᠢ ᠶᠢᠨ ᠪᠦᠲᠦᠭᠡᠨ ᠪᠠᠶᠢᠭᠤᠯᠤᠯᠲᠠ᠂ ᠣᠨᠣᠯ ᠤᠨ ᠤᠬᠠᠭᠤᠯᠤᠨ ᠲᠠᠶᠢᠯᠪᠤᠷᠢᠯᠠᠯᠲᠠ ᠵᠢᠴᠢ ᠮᠡᠳᠡᠭᠡ | ᠵᠠᠩᠭᠢᠴᠢᠯᠠᠯᠲᠠ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | | ᠰᠢᠯᠭᠠᠨ ᠬᠤᠷᠢᠶᠠᠬᠤ ᠳᠤᠭᠤᠶᠢᠯᠠᠩ ᠤᠨ ᠬᠢᠨ ᠵᠠᠷᠤᠳ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ ᠤᠨ ᠪᠠᠷᠢᠮᠵᠢᠶᠠᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠷᠪᠠᠨ ᠱᠠᠲᠣᠨ ᠤ | ᠰᠢᠰᠲ᠋ᠧᠮ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ᠂ ᠦᠷᠳᠡᠭᠡ︶ ᠨᠢ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ᠂ ᠪᠠᠶᠢᠭᠤᠯᠣᠯ ᠲᠣᠭᠲᠠᠴᠠ᠂ ᠰᠠᠶᠢᠨ ᠳᠣᠷᠠᠴᠣᠳ ᠤᠨ ᠡᠩᠨᠡᠭᠡ ᠶᠢᠨ ᠪᠦᠷᠢᠯᠳᠦᠯ᠂ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠵᠡᠷᠭᠡ ᠲᠠᠯ᠎ᠠ ᠪᠠᠷ ᠴᠥᠮ ᠢᠯᠡᠳᠲᠡ ᠦᠷ᠎ᠡ ᠪᠦᠲᠦᠮᠵᠢ ᠣᠯᠵᠤ᠂ | ᠭᠤᠷᠪᠠᠨ ᠱᠠᠲᠤᠨ ᠤ ᠱᠦᠵᠢ ᠠᠴᠠ ᠰᠠᠨᠠᠭᠠᠴᠢᠯᠠᠭ᠎ᠠ ᠠᠴᠠ ᠪᠠᠨ ᠲᠥᠯᠥᠪᠵᠢᠭᠦᠯᠵᠦ᠂ ᠳᠡᠭᠡᠳᠦ ᠬᠡᠮᠵᠢᠶ᠎ᠡ ᠪᠠᠷ | ᠴᠢᠬᠤᠯᠠᠴᠢᠯᠠᠭᠰᠠᠨ ᠤ ᠦᠷ᠎ᠡ ᠳ᠋ᠦᠩ ᠮᠦᠨ᠂ ᠥᠷᠭᠡᠨ ᠤᠯᠠᠨ ᠠᠷᠠᠳ ᠲᠦᠮᠡᠨ ᠤ ᠵᠣᠯ ᠵᠢᠷᠭᠠᠯᠲᠤ ᠲᠥᠷᠥᠭᠳᠡᠯ ᠪᠠ | ᠬᠦᠷᠲᠡᠮᠵᠢ ᠶᠢᠨ ᠲᠥᠷᠥᠭᠳᠡᠯ ᠢ ᠦᠨᠡᠨᠬᠦ ᠨᠡᠮᠡᠭᠳᠡᠭᠦᠯᠪᠡ ᠭᠡᠵᠦ ᠦᠵᠡᠪᠡ᠃ ᠡᠭᠦᠨ ᠤ ᠬᠠᠮᠲᠤ᠂ ᠠᠵᠢᠯ ᠤᠨ ᠳᠤᠮᠲᠠ | ᠣᠷᠣᠰᠢᠵᠤ ᠪᠠᠶᠢᠭ᠎ᠠ ᠠᠰᠠᠭᠤᠳᠠᠯ ᠪᠠ ᠠᠵᠢᠯ ᠤᠨ ᠰᠡᠳᠬᠢᠮᠵᠢ ᠳᠤ ᠪᠣᠳᠠᠲᠠᠢ ᠰᠠᠨᠠᠯ ᠰᠠᠨᠠᠭᠤᠯᠭ᠎ᠠ ᠳᠤᠷᠠᠳᠪᠠ᠃ | | | | ᠰᠢᠯᠭᠠᠨ ᠠᠪᠬᠤ ᠳᠤᠭᠤᠶᠢᠯᠠᠩ ᠤᠨ ᠬᠢᠨ ᠵᠢᠭᠠᠪᠣᠷᠢᠯᠠᠭᠰᠠᠨ ᠨᠢ᠂ ᠬᠤᠯᠪᠣᠭᠳᠠᠯ ᠪᠦᠬᠦᠢ ᠨᠢᠭᠡᠴᠡ ᠬᠢᠨ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ᠂ ᠦᠷᠳᠡᠭᠡ︶ ᠶᠢᠨ ᠤᠯᠠᠨ ᠲᠦᠮᠡᠨ ᠳᠤ | ᠦᠢᠯᠡᠴᠢᠯᠡᠬᠦ᠂ ᠤᠯᠠᠨ ᠲᠦᠮᠡᠨ ᠢ ᠬᠥᠲᠥᠯᠥᠨ ᠳᠠᠭᠠᠭᠤᠯᠬᠤ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠲᠥᠪ᠂ ᠭᠠᠵᠠᠷ᠂ ᠦᠷᠳᠡᠭᠡ ᠭᠤᠷᠪᠠᠨ ᠱᠠᠲᠤᠨ ᠤ ᠠᠵᠢᠯ ᠤᠨ ᠰᠢᠰᠲ᠋ᠧᠮ ᠢ ᠲᠠᠰᠤᠷᠠᠯᠳᠡ ᠦᠭᠡᠢ | ᠲᠡᠭᠦᠯᠳᠡᠷᠵᠢᠭᠦᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠰᠠᠶᠢᠨ ᠳᠤᠷ᠎ᠠ ᠶᠢᠨ ᠦᠢᠯᠡᠴᠢᠯᠡᠭᠡ | ᠥᠷᠨᠢᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ ︽ᠵᠢᠷᠭᠤᠭᠠᠨ ᠶᠡᠭᠡ ᠲᠠᠪᠴᠠᠩ︾ ᠢ ᠴᠢᠷᠮᠠᠶᠢᠨ ᠪᠠᠶᠢᠭᠤᠯᠬᠤ | ᠬᠡᠷᠡᠭᠲᠡᠢ᠃ ᠤᠯᠠᠨ ᠲᠦᠮᠡᠨ ᠬᠠᠭᠤᠳᠠᠰᠤ ᠵᠠᠬᠢᠶᠠᠯᠠᠬᠤ᠂ ᠭᠤᠣᠯ ᠦᠷᠳᠡᠭᠡ ᠬᠠᠭᠤᠳᠠᠰᠤ ᠲᠣᠮᠢᠯᠠᠬᠤ᠂ ᠰᠠᠶᠢᠨ | ᠳᠣᠷᠠᠴᠣᠳ ᠤᠨ ᠡᠩᠨᠡᠭᠡ ᠬᠠᠭᠤᠳᠠᠰᠤ ᠭᠥᠯᠢᠶᠡᠨ ᠠᠪᠬᠤ᠂ ᠤᠯᠠᠨ ᠲᠦᠮᠡᠨ ᠬᠠᠭᠤᠳᠠᠰᠤ ᠦᠨᠡᠯᠡᠬᠦ ᠰᠠᠶᠢᠨ | ᠳᠤᠷ᠎ᠠ ᠶᠢᠨ ᠦᠢᠯᠡᠴᠢᠯᠡᠭᠡᠨ ᠤ ︽ᠲᠦᠷᠪᠡᠨ ᠬᠠᠭᠤᠳᠠᠰᠤ︾ ᠶᠢᠨ ᠠᠵᠢᠯ ᠤᠨ ᠵᠠᠭᠪᠤᠷ ᠢ ᠰᠦᠪᠡᠭᠴᠢᠯᠡᠵᠦ᠂ ᠤᠯᠠᠨ | ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠥᠷᠭᠡᠨ ᠢᠶᠠᠷ ᠴᠤᠭᠯᠠᠭᠤᠯᠵᠤ᠂ ᠡᠯ᠎ᠡ ᠲᠦᠷᠦᠯ ᠤᠨ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠤᠯᠠᠨ ᠲᠦᠮᠡᠨ ᠤ ᠪᠣᠳᠠᠲᠠᠢ ᠬᠦᠴᠢᠷᠳᠡᠯ ᠢ | ᠰᠢᠢᠳᠪᠦᠷᠢᠯᠡᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ᠂ | ᠦᠷᠲᠡᠭᠡ︶ ᠲᠤ ᠲᠦᠰᠢᠭᠯᠡᠨ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠪᠣᠳᠠᠲᠠᠢ | ᠠᠳᠬᠤᠵᠤ᠂ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠶᠢ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠤᠳᠤ ᠪᠠᠶᠢᠭ᠎ᠠ ᠡᠬᠢ ᠪᠠᠶᠠᠯᠢᠭ ᠢᠶᠠᠨ ᠨᠢᠭᠡᠳᠭᠡᠵᠦ | ᠂ ᠠᠵᠢᠯᠯᠠᠭᠠᠨ ᠤ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠤᠯᠠᠨ ᠲᠦᠮᠡᠨ ᠤ ᠬᠠᠮᠢᠶ᠎ᠠ ᠬᠡᠷᠡᠭᠴᠡᠭᠡ ᠱᠠᠭᠠᠷᠳᠠᠯᠭ᠎ᠠ | ᠪᠠᠶᠢᠪᠠᠯ ᠪᠢᠳᠡᠨ ᠤ ᠰᠠᠶᠢᠨ ᠳᠤᠷ᠎ᠠ ᠶᠢᠨ ᠦᠢᠯᠡᠴᠢᠯᠡᠭᠡ ᠲᠡᠨᠳᠡ ᠬᠦᠷᠬᠦ ᠵᠣᠷᠢᠯᠲᠠ ᠲᠠᠢ ᠨᠢᠭᠲᠠ ᠤᠶᠠᠯᠳᠤᠭᠤᠯᠤᠨ᠂ | ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠲᠡᠮᠳᠡᠭ ᠢ ᠡᠭᠦᠳᠴᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ | ᠭᠡᠪᠡ᠃ | | | | | |