ᠥᠪᠡᠷᠲᠡᠭᠡᠨ ᠵᠠᠰᠠᠬᠤ ᠣᠷᠣᠨ ᠤ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠵᠠᠷᠤᠳ ᠬᠤᠰᠢᠭᠤᠨ ᠳᠤ ᠢᠷᠡᠵᠦ ᠮᠠᠯᠴᠢᠨ ᠲᠠᠷᠢᠶᠠᠴᠢᠨ ᠬᠦᠴᠤᠨ ᠤ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠬᠦ ᠦᠵᠡᠭᠳᠡᠯ ᠢ ᠦᠨᠳᠦᠰᠦᠨ ᠠᠴᠠ ᠨᠢ ᠵᠠᠰᠠᠬᠤ ᠠᠵᠢᠯ ᠢ ᠲᠤᠰᠬᠠᠢ ᠱᠠᠭᠠᠷᠳᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/30
      ᠪᠠᠷᠢᠯᠭ᠎ᠠ ᠶᠢᠨ ᠬᠦᠷᠢᠶᠡᠨ ᠳᠠᠬᠢ ᠮᠠᠯᠴᠢᠨ ᠲᠠᠷᠢᠶᠠᠴᠢᠨ ᠬᠦᠴᠤᠨ ᠤ ᠠᠵᠢᠯᠴᠢᠨ ᠤ ᠴᠠᠯᠢᠩ ᠢ ᠪᠠᠲᠤᠯᠠᠬᠤ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠵᠢᠷᠤᠮᠵᠢᠭᠤᠯᠵᠤ᠂ ᠮᠠᠯᠴᠢᠨ ᠲᠠᠷᠢᠶᠠᠴᠢᠨ ᠬᠦᠴᠤᠨ ᠤ ᠠᠵᠢᠯᠴᠢᠨ ᠬᠥᠳᠡᠯᠮᠦᠷᠢ ᠶᠢᠨ ᠬᠥᠯᠥᠰᠦ ᠣᠯᠭᠤᠮᠵᠢ ᠪᠠᠨ ᠴᠠᠭ ᠲᠤᠬᠠᠢ ᠳᠤᠨᠢ ᠲᠤᠭ᠎ᠠ ᠶᠣᠰᠣᠭᠠᠷ ᠣᠯᠬᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ᠂ 5 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠮᠠᠯᠴᠢᠨ ᠲᠠᠷᠢᠶᠠᠴᠢᠨ ᠬᠦᠴᠤᠨ ᠤ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠬᠦ ᠦᠵᠡᠭᠳᠡᠯ ᠢ ᠦᠨᠳᠦᠰᠦᠨ ᠠᠴᠠ ᠨᠢ ᠵᠠᠰᠠᠬᠤ ᠠᠵᠢᠯ ᠤᠨ ᠲᠤᠰᠬᠠᠢ ᠱᠠᠭᠠᠷᠳᠠᠨ ᠪᠠᠶᠢᠴᠠᠭᠠᠬᠤ ᠭᠤᠷᠪᠠᠳᠤᠭᠠᠷ ᠳᠤᠭᠤᠶᠢᠯᠠᠩ ᠵᠠᠷᠤᠳ ᠬᠤᠰᠢᠭᠤᠨ ᠳᠤ ᠢᠷᠡᠵᠦ᠂ ᠮᠠᠯᠴᠢᠨ ᠲᠠᠷᠢᠶᠠᠴᠢᠨ ᠬᠦᠴᠤᠨ ᠤ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠬᠦ ᠦᠵᠡᠭᠳᠡᠯ ᠢ ᠦᠨᠳᠦᠰᠦᠨ ᠠᠴᠠ ᠨᠢ ᠵᠠᠰᠠᠬᠤ ᠠᠵᠢᠯ ᠤᠨ ᠲᠤᠰᠬᠠᠢ  ᠱᠠᠭᠠᠷᠳᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠴᠢᠶᠠᠨ ᠱᠦᠨ ᠱᠦᠢ ᠮᠦ ᠨᠢᠶᠠᠨ ᠬᠤᠸᠠ᠂ ᠲᠢᠶᠠᠨ ᠱᠦᠨ ᠵᠢᠶᠠ ᠶᠤᠸᠠᠨ ᠪᠣᠯᠣᠨ ᠯᠦᠩ ᠰᠢᠶᠠᠩ ᠯᠢ ᠱᠦᠢ ᠪᠠᠭ᠎ᠠ ᠲᠣᠭᠤᠷᠢᠭ ᠤᠨ ᠪᠠᠷᠢᠯᠭ᠎ᠠ ᠶᠢᠨ ᠲᠦᠷᠦᠯ ᠵᠦᠢᠯ ᠤᠨ ᠭᠠᠵᠠᠷ ᠲᠤ ᠬᠦᠷᠴᠦ᠂ ᠬᠠᠤᠯᠢ ᠶᠢ ᠵᠥᠷᠢᠴᠡᠨ ᠳᠠᠭᠠᠭᠠᠴᠢᠯᠠᠭᠤᠯᠤᠭᠰᠠᠨ᠂ ᠰᠢᠯᠵᠢᠭᠦᠯᠦᠨ ᠳᠠᠭᠠᠭᠠᠴᠢᠯᠠᠭᠤᠯᠤᠭᠰᠠᠨ ᠪᠤᠶᠤ ᠬᠠᠤᠯᠢ ᠶᠢ ᠵᠥᠷᠢᠴᠡᠨ ᠬᠤᠪᠢᠶᠠᠨ ᠳᠠᠭᠠᠭᠠᠴᠢᠯᠠᠭᠤᠯᠤᠭᠰᠠᠨ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ ᠶᠢ ᠲᠤᠬᠠᠢ ᠶᠢᠨ ᠭᠠᠵᠠᠷ ᠲᠤᠨᠢ ᠣᠶᠢᠯᠠᠭᠠᠨ ᠪᠠᠶᠢᠴᠠᠭᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号