︽6·1︾ ᠤ ᠳᠡᠯᠡᠬᠡᠢ ᠶᠢᠨ ᠬᠡᠦᠬᠡᠳ ᠤᠨ ᠪᠠᠶᠠᠷ ᠤᠨ ᠡᠳᠤᠷ ᠬᠦᠷᠴᠦ ᠢᠷᠡᠬᠦ ᠲᠠᠰᠢᠷᠠᠮ ᠢᠶᠠᠷ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠬᠤ ᠶᠢᠨ | ᠲᠥᠯᠥᠭᠡ᠂ ᠣᠶᠢᠷ᠎ᠠ ᠶᠢᠨ ᠡᠳᠦᠷ᠂ ᠦᠯᠵᠡᠶᠢᠮᠦ᠋ᠷᠡᠨ ᠰᠤᠮᠤ ᠶᠢᠨ ᠡᠮᠡᠭᠲᠡᠶᠢᠴᠦᠳ ᠤᠨ ᠬᠤᠯᠪᠣᠭ᠎ᠠ ᠰᠤᠷᠭᠠᠭᠤᠯᠢ ᠲᠠᠢ | ᠬᠠᠮᠲᠤᠷᠠᠨ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠦᠮᠤᠰ ᠰᠢᠭ ᠲᠤᠳᠤᠨᠤ ᠪᠠᠭᠠᠴᠤᠳ ᠬᠡᠦᠬᠡᠳ ᠨᠠᠮ | ᠳᠠᠭᠠᠨ ᠬᠠᠶᠢᠷᠠᠳᠠᠢ︾ ᠭᠡᠬᠦ ᠮᠡᠳᠡᠯᠭᠡ ᠶᠢᠨ ᠤᠷᠤᠯᠳᠤᠭᠠᠨ ᠶᠠᠪᠤᠭᠤᠯᠪᠠ᠃ ᠲᠣᠰ ᠤᠳᠠᠭᠠᠨ ᠤ ᠮᠡᠳᠡᠯᠭᠡ ᠶᠢᠨ | ᠤᠷᠤᠯᠳᠤᠭᠠᠨ ᠢᠶᠠᠷ ᠳᠠᠮᠵᠢᠭᠤᠯᠤᠨ᠂ ᠥᠷᠭᠡᠨ ᠣᠯᠠᠨ ᠪᠠᠭᠠᠴᠤᠳ ᠬᠡᠦᠬᠡᠳ ᠲᠤ ᠨᠠᠮ ᠤᠨ ᠦᠨᠳᠦᠰᠦᠲᠡᠨ ᠤ | ᠲᠥᠷᠥ ᠶᠢᠨ ᠪᠣᠳᠣᠯᠭ᠎ᠠ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ | ᠪᠠᠲᠤ ᠪᠣᠶ ᠪᠣᠯᠭᠠᠬᠤ ᠦᠵᠡᠯ ᠰᠠᠨᠠᠭᠠᠨ ᠤ ᠲᠤᠬᠠᠢ ᠨᠠᠩ ᠭᠦᠨᠵᠡᠭᠡᠢ ᠲᠠᠨᠢᠯᠲᠠ ᠪᠠ ᠣᠶᠢᠯᠠᠭᠠᠯᠲᠠ ᠲᠠᠢ ᠪᠣᠯᠭᠠᠵᠤ᠂ | ᠦᠨᠳᠦᠰᠦᠲᠡᠨ ᠤ ᠪᠦᠯᠬᠦᠮᠳᠡᠯ ᠢ ᠤᠯᠠᠮ ᠨᠢᠭᠡ ᠠᠯᠬᠤᠮ ᠴᠢᠩᠭᠠᠳᠬᠠᠬᠤ ᠦᠵᠡᠯ ᠰᠠᠨᠠᠭ᠎ᠠ ᠶᠢ ᠪᠠᠲᠤ ᠪᠠᠬᠢ | ᠪᠠᠶᠢᠭᠤᠯᠪᠠ᠃ | |