ᠭᠠᠭ᠋ᠠᠶᠢᠳᠤ ᠪᠠᠯᠭᠠᠰᠤ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠲᠣᠰᠬᠤᠨ ᠠᠵᠤ ᠠᠬᠤᠶᠢᠯᠠᠯ ᠢ ᠵᠣᠯᠭᠠᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2022/5/31
      ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠲᠣᠰᠬᠤᠨ ᠠᠵᠤ ᠠᠬᠤᠶᠢᠯᠠᠯ ᠤᠳ ᠬᠤᠣᠰᠯᠠᠨ ᠬᠠᠪᠰᠤᠷᠤᠨ ᠲᠡᠳᠬᠦᠬᠦ ᠠᠵᠢᠯᠯᠠᠭ᠎ᠠ ᠶᠢ ᠦᠨᠡᠨᠬᠦ ᠠᠬᠢᠭᠤᠯᠵᠤ᠂ ᠶᠠᠳᠠᠭᠤ ᠠᠴᠠ ᠠᠩᠬᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ 5 ᠰᠠᠷ᠎ᠠ ᠶᠢᠨ 29 ᠤ ᠡᠳᠦᠷ᠂ ᠭᠠᠭ᠋ᠠᠶᠢᠳᠤ ᠪᠠᠯᠭᠠᠰᠤ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠲᠣᠰᠬᠤᠨ ᠠᠵᠤ ᠠᠬᠤᠶᠢᠯᠠᠯ ᠢ ᠵᠣᠯᠭᠠᠭᠤᠯᠬᠤ ᠬᠤᠷᠠᠯ ᠬᠢᠪᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠰᠢ ᠯᠢᠨ ᠬᠤᠷᠠᠯ ᠳᠤ ᠤᠷᠤᠯᠴᠠᠪᠠ᠃ ᠬᠤᠷᠠᠯ ᠳᠡᠭᠡᠷ᠎ᠡ᠂ ᠵᠣᠯᠭᠠᠭᠤᠯᠬᠤ ᠠᠵᠤ ᠠᠬᠤᠶᠢᠯᠠᠯ ᠬᠢᠨ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢᠨ ᠲᠣᠭᠤᠷᠢᠨ ᠳᠤ᠂ ︽ᠲᠣᠰᠬᠤᠨ ᠠᠵᠤ ᠠᠬᠤᠶᠢᠯᠠᠯ ᠢ ᠵᠣᠯᠭᠠᠭᠤᠯᠬᠤ︾᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠲᠤᠬᠠᠢ ᠢᠳᠡᠪᠬᠢᠲᠡᠢ ᠰᠠᠨᠠᠯ ᠢᠶᠠᠨ ᠢᠯᠡᠳᠭᠡᠪᠡ︔ ᠵᠠᠷᠢᠮ ᠭᠠᠴᠠᠭᠠᠨ ᠤ ᠨᠠᠮ ᠤᠨ ᠡᠭᠦᠷ ᠤᠨ ᠱᠦᠵᠢ ᠲᠣᠰᠬᠤᠨ ᠤ ᠪᠠᠨ ᠲᠣᠶᠢᠮᠣ ᠪᠠᠶᠢᠳᠠᠯ᠂ ᠪᠠᠶᠢᠭᠠᠯᠢ ᠶᠢᠨ ᠡᠬᠢ ᠪᠠᠶᠠᠯᠢᠭ ᠨᠥᠬᠦᠴᠡᠯ᠂ ᠭᠤᠣᠯᠯᠠᠬᠤ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠪᠠ ᠬᠤᠶᠢᠰᠢᠳᠠ ᠶᠢᠨ ᠬᠥᠭᠵᠢᠯᠲᠡ ᠶᠢᠨ ᠲᠥᠯᠦᠪᠵᠢᠭᠦᠯᠭᠡ ᠵᠡᠷᠭᠡ ᠲᠠᠯ᠎ᠠ ᠪᠠᠷ ᠭᠦᠨᠵᠡᠭᠡᠢ ᠲᠠᠨᠢᠯᠴᠠᠭᠤᠯᠪᠠ︔ ᠬᠤᠣᠰᠯᠠᠯ ᠪᠠᠶᠢᠭᠤᠯᠤᠭᠰᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠ ᠭᠠᠴᠠᠭᠠᠨ ᠤ ᠨᠠᠮ ᠤᠨ ᠡᠭᠦᠷ ᠤᠨ ᠱᠦᠵᠢ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠬᠦ︾ ᠠᠵᠢᠯᠯᠠᠭᠠᠨ ᠤ ᠲᠣᠰᠬᠤᠨ ᠠᠵᠤ ᠠᠬᠤᠶᠢᠯᠠᠯ ᠬᠤᠣᠰᠯᠠᠯ ᠪᠠᠶᠢᠭᠤᠯᠬᠤ ᠬᠡᠯᠡᠯᠴᠡᠭᠡᠷ ᠪᠢᠴᠢᠭ ᠲᠤ ᠭᠠᠷ ᠤᠨ ᠥᠰᠥᠭ ᠵᠢᠷᠤᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号