| ᠪᠠ ᠺᠦᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠵᠠᠷᠤᠳ ᠬᠤᠰᠢᠭᠤᠨ ᠤ ᠵᠦᠩ ᠳ᠋ᠧ | ᠦᠷ᠎ᠡ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠃ ᠠᠳᠠᠯ | ᠦᠢᠯᠡᠰ ᠪᠣᠰᠬᠠᠬᠤ ᠡᠬᠢᠨ ᠤ ᠦᠶ᠎ᠡ ᠳᠤ᠂ ᠪᠠ ᠺᠦᠢ ︽ᠦᠨᠡᠨᠴᠢ ᠢᠲᠡᠭᠡᠮᠵᠢᠲᠡᠢ ᠪᠠᠶᠢᠬᠤ ᠪᠠᠷ ᠦᠨᠳᠦᠰᠦ ᠪᠣᠯᠭᠠᠬᠤ᠂ | ᠶᠠᠰᠤ ᠴᠢᠨᠠᠷ ᠢ ᠳᠡᠭᠡᠳᠦᠯᠡᠬᠦ᠂ ᠥᠨᠳᠥᠷ ᠪᠦᠲᠦᠮᠵᠢᠲᠡᠶ ᠪᠥᠭᠡᠳ ᠪᠣᠲᠠᠲᠠᠢ ᠶᠢ ᠡᠷᠬᠢᠮᠯᠡᠬᠦ᠂ ᠬᠥᠭᠵᠢᠭᠦᠯᠵᠦ ᠰᠢᠨ᠎ᠡ | ᠶᠢ ᠡᠭᠦᠳᠬᠦ︾ ᠡᠵᠡᠩᠨᠡᠯᠲᠡ ᠶᠢᠨ ᠵᠣᠷᠢᠯᠲᠠ ᠪᠠᠨ ᠳᠤᠷᠠᠳᠴᠤ᠂ ᠲᠡᠷᠡ ᠠᠵᠤ ᠠᠬᠤᠶᠢᠯᠠᠯ ᠤᠨ | ᠳᠣᠲᠣᠭᠠᠳᠤ ᠳᠤ ᠪᠠᠨ ᠦᠨᠡᠨᠴᠢ ᠢᠲᠡᠭᠡᠮᠵᠢ ᠶᠢᠨ ᠬᠥᠮᠦᠵᠢᠯ ᠢ ᠬᠡᠷᠡᠭᠵᠢᠭᠦᠯᠬᠦ ᠪᠠ ᠶᠠᠰᠤ ᠴᠢᠨᠠᠷ ᠢ ᠲᠡᠷᠢᠭᠦᠨ ᠳᠤ | ᠲᠠᠯᠪᠢᠬᠤ ᠦᠵᠡᠯᠲᠡ ᠶᠢ ᠪᠤᠢ ᠪᠣᠯᠭᠠᠬᠤ ᠶᠠᠪᠤᠳᠠᠯ ᠢ ᠠᠵᠤ ᠠᠬᠤᠶᠢᠯᠠᠯ ᠤᠨ ᠰᠣᠶᠣᠯ ᠤᠨ ᠪᠠᠶᠢᠭᠤᠯᠤᠯᠲᠠ ᠶᠢᠨ ᠨᠢᠭᠡᠨ | ᠠᠭᠤᠯᠭ᠎ᠠ ᠪᠣᠯᠭᠠᠵᠤ᠂ ᠦᠢᠯᠡᠳᠬᠦᠨ ᠤ ᠶᠠᠰᠤ ᠴᠢᠨᠠᠷ ᠪᠠᠷᠠᠭ᠎ᠠ ᠣᠷᠣᠭᠤᠯᠬᠤ ᠪᠣᠭᠤᠮᠲᠠ ᠶᠢ ᠴᠢᠩᠭᠠᠷᠠᠭᠤᠯᠵᠤ᠂ | ᠠᠯᠢᠪᠠ ᠦᠢᠯᠡᠳᠬᠦᠨ ᠢ ᠬᠥᠮᠥᠷᠭᠡ ᠳᠤ ᠣᠷᠣᠭᠤᠯᠬᠤ ᠠᠴᠠ ᠡᠮᠦᠨ᠎ᠡ ᠡᠷᠬᠡᠪᠰᠢ ᠰᠢᠯᠭᠠᠨ ᠪᠠᠶᠢᠴᠠᠭᠠᠵᠤ ᠬᠢᠷᠢ | ᠲᠡᠩᠴᠡᠪᠡᠯ ᠰᠠᠶ᠋ᠢ ᠬᠥᠮᠥᠷᠭᠡ ᠳᠤ ᠣᠷᠣᠭᠤᠯᠵᠤ᠂ ᠦᠢᠯᠡᠳᠬᠦᠨ ᠤ ᠶᠠᠰᠤ ᠴᠢᠨᠠᠷ ᠢ ᠶᠠᠰᠤ ᠴᠢᠨᠠᠷ ᠤᠨ | ᠬᠠᠮᠢᠶᠠᠷᠤᠯᠲᠠ ᠶᠢᠨ ᠲᠠᠰᠤᠭ ᠠᠴᠠ ᠨᠢᠭᠡ ᠯᠡ ᠫᠢᠶᠣᠣ ᠪᠠᠷ ᠦᠭᠡᠶᠢᠰᠬᠡᠬᠦ ᠡᠷᠬᠡ ᠲᠠᠢ ᠪᠠᠶᠢᠬᠤ ᠶᠢ ᠬᠡᠷᠡᠭᠵᠢᠭᠦᠯᠪᠡ᠃ | | ᠠᠯᠢ ᠨᠢᠭᠡ ᠵᠢᠯ ᠳᠤ ᠦᠷ᠎ᠡ ᠪᠣᠶᠢᠵᠢᠭᠤᠯᠬᠤ ᠠᠵᠢᠯ ᠭᠠᠮᠰᠢᠭ ᠲᠤ ᠳᠠᠭᠠᠷᠢᠭᠳᠠᠭᠰᠠᠨ ᠪᠠᠶᠢᠯ᠎ᠠ᠂ ᠨᠢᠭᠡ ᠯᠡ | ᠰᠥᠨᠢ ᠶᠢᠨ ᠬᠤᠭᠤᠷᠣᠨᠳᠤ᠂ ᠦᠷ᠎ᠡ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠨᠢ ᠬᠤᠪᠠᠭ᠋ᠠᠶᠢᠷᠠᠨ ᠰᠢᠷᠠᠯᠠᠪᠠ | ᠂ ᠲᠡᠷᠡ ᠨᠢᠳᠣᠨ ᠢᠶᠠᠷ ᠢᠶᠠᠨ ᠦᠵᠡᠵᠦ᠂ ᠰᠡᠳᠭᠢᠯ ᠳᠡᠭᠡᠨ ᠪᠠᠴᠢᠮᠳᠠᠵᠤ ᠪᠠᠶᠢᠯ᠎ᠠ᠂᠂ ᠣᠳᠣᠬᠠᠨ ᠤ ᠪᠠᠶᠢᠳᠠᠯ ᠢᠶᠠᠨ | ᠲᠦᠷᠭᠡᠨ ᠰᠢᠢᠳᠪᠦᠷᠢᠯᠡᠬᠦ ᠶᠢᠨ ᠲᠥᠯᠥᠭᠡ ᠲᠡᠷᠡ ᠬᠡᠳᠦᠨ ᠰᠥᠨᠢ ᠬᠡᠳᠦᠨ ᠡᠳᠦᠷ ᠲᠠᠷᠢᠶᠠᠨ ᠭᠠᠵᠠᠷ ᠢᠶᠠᠨ ᠰᠠᠬᠢᠵᠤ᠂ | ᠲᠠᠷᠢᠶᠠᠴᠢᠨ ᠡᠷᠤᠭᠡ ᠲᠠᠢ ᠬᠠᠮᠲᠤ ᠢᠳᠡᠵᠦ ᠬᠠᠮᠲᠤ ᠰᠠᠭᠤᠵᠤ᠂ ᠬᠠᠮᠲᠤᠪᠠᠷ ᠰᠢᠢᠳᠪᠦᠷᠢᠯᠡᠬᠦ ᠠᠷᠭ᠎ᠠ ᠰᠤᠳᠤᠯᠵᠤ᠂ | ᠨᠢᠭᠡ ᠠᠷᠭ᠎ᠠ ᠨᠢ ᠪᠣᠯᠬᠤ ᠦᠭᠡᠢ ᠪᠣᠯ ᠳᠠᠷᠣᠶᠢᠬᠠᠨ ᠦᠭᠡᠷ᠎ᠡ ᠠᠷᠭ᠎ᠠ ᠪᠣᠳᠤᠵᠤ᠂ ᠲᠠᠰᠤᠷᠠᠯᠳᠡ ᠦᠭᠡᠢ ᠲᠤᠷᠰᠢᠵᠤ᠂ | ᠡᠴᠦᠰ ᠲᠡᠭᠡᠨ ᠰᠢᠨᠵᠢᠯᠡᠬᠦ ᠤᠬᠠᠭᠠᠨᠴᠢ ᠪᠠᠷ ᠡᠮ ᠰᠦᠷᠴᠢᠭᠰᠡᠨ ᠤ ᠲᠠᠷᠠᠭ᠎ᠠ᠂ ᠦᠷ᠎ᠡ ᠶᠢᠨ ᠴᠢᠬᠢ ᠨᠢ ᠠᠭᠠᠵᠢᠮ ᠢᠶᠠᠷ | ᠨᠣᠭᠤᠭᠠᠷᠠᠵᠤ᠂ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠲᠡᠭᠦᠨ ᠤ ᠡᠨᠡ ᠬᠦ ᠠᠵᠢᠯᠴᠢ ᠬᠢᠴᠢᠶᠡᠩᠭᠦᠢ ᠪᠠᠷ | ᠠᠵᠢᠯ ᠶᠠᠪᠤᠳᠠᠯ ᠬᠢᠬᠦ ᠵᠢᠴᠢ ᠤᠴᠢᠷ ᠶᠠᠪᠣᠳᠠᠯ ᠪᠣᠯᠭᠠᠨ ᠳᠤ ᠬᠥᠮᠥᠨ ᠤ ᠲᠥᠯᠥᠭᠡ ᠵᠢᠳᠬᠦᠬᠦ ᠵᠣᠷᠢᠭ ᠰᠠᠨᠠᠭ᠎ᠠ ᠨᠢ | ᠬᠦᠮᠦᠵᠢᠯ ᠤᠨ ᠰᠠᠶᠢᠨ ᠦᠨᠡᠯᠡᠯᠲᠡ ᠶᠢ ᠣᠯᠵᠤ᠂ ᠲᠤᠷᠰᠢᠯᠲᠠ ᠨᠢ ᠴᠦ ᠡᠳᠦᠷ ᠠᠴᠠ ᠡᠳᠦᠷ ᠠᠮᠵᠢᠯᠲᠠ ᠣᠯᠪᠠ᠃ | ᠠᠵᠤ ᠠᠬᠤᠶᠢᠯᠠᠯ ᠨᠢ ᠲᠠᠰᠤᠷᠠᠯᠲᠠ ᠦᠭᠡᠢ ᠬᠥᠭᠵᠢᠬᠦ ᠶᠢᠨ ᠵᠡᠷᠭᠡ ᠳᠤ ᠲᠡᠷᠡ ᠨᠡᠶᠢᠭᠡᠮ ᠳᠤ ᠠᠴᠢ | ᠬᠠᠷᠢᠭᠤᠯᠬᠤ ᠪᠠᠨ ᠮᠠᠷᠲᠠᠯ ᠦᠭᠡᠢ᠂ ᠨᠠᠩ ᠴᠤ ᠨᠡᠶᠢᠭᠡᠮ ᠳᠤ ᠠᠴᠢ ᠬᠠᠷᠢᠭᠤᠯᠬᠤ ᠶᠢ ᠠᠵᠤ ᠠᠬᠤᠶᠢᠯᠠᠯ ᠤᠨ | ᠭᠤᠣᠯᠯᠠᠬᠤ ᠥᠷᠲᠡᠭ ᠤᠨ ᠦᠵᠡᠯᠲᠡ ᠪᠠ ᠡᠵᠡᠩᠨᠡᠯᠲᠡ ᠶᠢᠨ ᠲᠡᠷᠢᠭᠦᠨ ᠴᠢᠬᠤᠯᠠ ᠣᠶᠢᠯᠠᠭᠠᠭᠳᠠᠬᠤᠨ ᠪᠣᠯᠭᠠᠵᠤ᠂ | ᠨᠠᠩ ᠥᠨᠳᠥᠷ ᠲᠠᠰ ᠳᠠᠪᠬᠤᠷᠭ᠎ᠠ ᠪᠠᠷ ᠠᠵᠤ ᠠᠬᠤᠶᠢᠯᠠᠯ ᠤᠨ ᠨᠡᠶᠢᠭᠡᠮ ᠤᠨ ᠥᠷᠲᠡᠭ ᠪᠠ ᠨᠡᠶᠢᠭᠡᠮ ᠤᠨ | ᠬᠠᠷᠢᠭᠤᠴᠠᠯᠭ᠎ᠠ ᠶᠢ ᠢᠯᠡᠷᠡᠭᠦᠯᠵᠦ ᠦᠷᠭᠡᠳᠭᠡᠪᠡ᠃ 2006 ︱ 2021 ᠣᠨ ᠤ ᠬᠤᠭᠤᠷᠣᠨᠳᠤ᠂ ᠲᠡᠷᠡ ᠬᠤᠶᠠᠷ | ᠵᠢᠯ ᠳᠠᠷᠠᠭᠠᠯᠠᠨ ᠱᠤᠸᠠᠩ ᠯᠦᠩ ᠵᠧᠨ ᠭᠠᠴᠠᠭ᠎ᠠ ᠳᠤ 15 ᠲᠦᠮᠡᠨ ᠲᠥᠭᠦᠷᠢᠭ ᠤᠨ ᠦᠷ᠎ᠡ ᠪᠠ ᠬᠢᠮᠢ ᠶᠢᠨ | ᠪᠣᠷᠳᠣᠭᠤᠷ ᠬᠠᠨᠳᠢᠪᠯᠡᠵᠤ᠂ ᠶᠠᠳᠠᠭᠤ ᠬᠦᠴᠢᠷᠳᠡᠯᠲᠡᠢ ᠲᠠᠷᠢᠶᠠᠴᠢᠨ ᠡᠷᠦᠬᠡ ᠶᠢᠨ ᠬᠠᠪᠤᠷ ᠤᠨ ᠲᠠᠷᠢᠶᠠᠯᠠᠭ᠎ᠠ ᠶᠢᠨ | ᠦᠢᠯᠡᠳᠪᠦᠷᠢᠯᠡᠯ ᠤᠨ ᠠᠰᠠᠭᠤᠳᠠᠯ ᠢ ᠦᠨᠡᠨ ᠬᠦ ᠰᠢᠢᠳᠪᠦᠷᠢᠯᠡᠪᠡ︔ ᠲᠡᠷᠡ ᠶᠠᠳᠠᠭᠤ ᠬᠦᠴᠢᠷᠳᠡᠯᠲᠡᠢ ᠡᠵᠢ᠂ ᠶᠠᠳᠠᠭᠤ | ᠬᠦᠴᠢᠷᠳᠡᠯᠲᠡᠢ ᠰᠤᠷᠤᠬᠴᠢ ᠵᠢᠴᠢ ᠦᠨᠳᠦᠰᠦᠨ ᠱᠠᠲᠤᠨ ᠤ ᠰᠤᠷᠭᠠᠭᠤᠯᠢ ᠳᠤ 10 ᠲᠦᠮᠡ ᠭᠠᠷᠤᠢ ᠲᠥᠭᠦᠷᠢᠭ | ᠬᠠᠨᠳᠢᠪᠯᠡᠵᠤ᠂ ᠶᠠᠳᠠᠭᠤ ᠬᠦᠴᠢᠷᠳᠡᠯᠲᠡᠢ ᠣᠶᠤᠲᠠᠳ ᠲᠤ 10 ᠲᠦᠮᠡ ᠭᠠᠷᠤᠢ ᠲᠥᠭᠦᠷᠢᠭ ᠬᠠᠨᠳᠢᠪᠯᠡᠵᠤ᠂ | ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠣᠯᠴᠠᠭᠰᠠᠨ ᠬᠠᠨᠳᠢᠪ ᠤᠨ ᠮᠥᠩᠭᠦ ᠨᠡᠩ ᠴᠤ 50 ᠲᠦᠮᠡ ᠭᠠᠷᠤᠢ | ᠲᠥᠭᠦᠷᠢᠭ ᠬᠦᠷᠪᠡ᠂ ᠣᠨᠴᠠᠭᠠᠶᠢᠯᠠᠨ 2020 ᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠡᠰᠡᠷᠭᠦᠴᠡᠬᠦ | ᠬᠢᠵᠢᠭ ᠢ ᠰᠡᠷᠭᠡᠶᠢᠯᠡᠨ ᠡᠵᠡᠮᠳᠡᠬᠦ ᠳᠤᠮᠳᠠ᠂ ᠲᠡᠷᠡ ᠤᠷᠢᠳ ᠬᠤᠵᠢᠳ 2 ᠲᠦᠮᠡ ᠭᠠᠷᠤᠢ ᠲᠥᠭᠦᠷᠢᠭ ᠤᠨ ᠡᠳ᠋ | ᠪᠣᠳᠠᠰ ᠬᠠᠨᠳᠢᠪᠯᠡᠵᠤ᠂ ᠰᠢᠨ᠎ᠡ ᠴᠠᠭ ᠦᠶ᠎ᠡ ᠶᠢᠨ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯᠲᠠᠨ ᠤ | ᠬᠠᠷᠢᠭᠤᠴᠠᠯᠭ᠎ᠠ ᠡᠭᠦᠷᠭᠡᠯᠡᠯ ᠢ ᠬᠠᠷᠠᠭᠤᠯᠪᠠ᠃ ᠪᠠ ᠺᠦᠢ ᠲᠡᠭᠦᠨ ᠤ ᠠᠵᠢᠯ ᠤᠨ ᠠᠮᠵᠢᠯᠲᠠ ᠪᠦᠲᠦᠮᠵᠢ ᠪᠣᠯᠣᠨ | ᠨᠡᠶᠢᠭᠡᠮ ᠤᠨ ᠲᠣᠪᠣᠶᠢᠮ᠎ᠠ ᠬᠤᠪᠢ ᠨᠡᠮᠡᠷᠢ ᠪᠠᠷ ᠢᠶᠠᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠥᠷᠭᠡᠨ ᠢᠶᠠᠷ | ᠮᠡᠳᠡᠷᠡᠭᠳᠡᠵᠦ᠂ ᠤᠷᠢᠳ ᠬᠤᠵᠢᠳ ︽ᠥᠪᠥᠷ ᠮᠣᠩᠭᠤᠯ ᠤᠨ ᠰᠠᠶᠢᠨ ᠬᠥᠮᠥᠨ︾᠂ ︽ᠪᠣᠷᠤᠯᠠᠭᠤᠯᠭ᠎ᠠ ᠶᠢᠨ ᠰᠣᠳᠣᠨ | ᠬᠥᠮᠥᠨ︾᠂ ︽ᠭᠤᠣᠯᠳᠠᠯᠭ᠎ᠠ ᠲᠠᠢ ᠲᠣᠯᠣᠭᠠᠶᠢᠯᠠᠭᠴᠢ ᠠᠵᠤ ᠠᠬᠤᠶᠢᠯᠠᠯ︾᠂ ︽5 · 4 ᠤ ᠵᠠᠯᠠᠭᠤᠴᠣᠳ ᠤᠨ | ᠵᠢᠱᠢᠶᠡᠴᠢ︾᠂ ︽ᠰᠢᠯᠢᠳᠡᠭ ᠨᠠᠮ ᠤᠨ ᠠᠵᠢᠯᠲᠠᠨ︾᠂ ︽ᠭᠡᠷᠡᠯ ᠰᠠᠴᠤᠷᠠᠩᠭᠤᠢ ᠦᠢᠯᠡ ᠠᠵᠢᠯᠯᠠᠭ᠎ᠠ ᠶᠢᠨ | ᠲᠡᠷᠢᠭᠦᠨ ᠤ ᠬᠤᠪᠢ ᠬᠥᠮᠥᠨ︾᠂ ︽ᠦᠢᠯᠡᠰ ᠪᠣᠰᠬᠠᠬᠤ ᠤᠳᠤᠨ︾ ᠵᠡᠷᠭᠡ ᠢᠷᠠᠭᠤ ᠠᠯᠳᠠᠷ ᠴᠣᠯᠠ ᠬᠦᠷᠳᠡᠪᠡ᠃ | | |