ᠵᠠᠷᠤᠳ ᠬᠤᠰᠢᠭᠤ᠄ ︽  ᠭᠤᠷᠪᠠ ᠶᠢ ᠴᠢᠩᠭᠠᠳᠬᠠᠵᠦ ᠭᠤᠷᠪᠠ ᠶᠢ ᠴᠢᠬᠤᠯᠠᠴᠢᠯᠠᠨ︾ ᠴᠢᠳᠠᠪᠤᠷᠢᠲᠠᠨ  ᠢᠶᠠᠷ ᠦᠨᠳᠦᠰᠦᠨ ᠱᠠᠲᠤᠨ ᠤ ᠰᠤᠷᠭᠠᠨ ᠬᠥᠮᠦᠵᠢᠯ ᠤᠨ ᠬᠥᠭᠵᠢᠯᠲᠡ ᠳᠤ ᠬᠦᠴᠦᠨ  ᠨᠡᠮᠡᠷᠢᠯᠡᠪᠡ
ᠨᠡᠶᠢᠲᠡᠯᠡᠭᠰᠡᠨ ᠴᠠᠭ᠄
2022/5/31
    ᠵᠠᠷᠤᠳ ᠬᠤᠰᠢᠭᠤᠨ ᠤ ᠬᠢᠨ ᠵᠠᠷ ᠱᠠᠭᠠᠯᠠᠵᠦ ᠠᠵᠢᠯ ᠲᠤᠰᠬᠤ ︽ᠭᠤᠷᠪᠠᠨ ᠤᠶᠢᠯᠡᠴᠢᠯᠡᠭᠡ ᠨᠢᠭᠡ ᠶᠢ ᠠᠬᠢᠭᠤᠯᠬᠤ︾ ᠪᠠᠷ ᠦᠨᠳᠦᠰᠦᠨ ᠱᠠᠲᠤᠨ ᠤ ᠬᠥᠭᠵᠢᠯᠲᠡ ᠶᠢᠨ ᠲᠦᠷᠦᠯ ᠵᠦᠢᠯ ᠤᠨ ᠰᠡᠳᠬᠢᠴᠡ ᠪᠠ ᠠᠵᠢᠯ ᠤᠨ ᠬᠠᠷᠠᠯᠲᠠ ᠳᠤ ᠬᠦᠴᠦ ᠨᠡᠮᠡᠷᠢᠯᠡᠬᠦ ᠶᠢᠨ ᠲᠤᠭᠤᠷᠢᠨ ᠳᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠬᠦᠷᠢᠶᠡᠨ ᠤ ᠪᠣᠳᠠᠲᠤ ᠪᠠᠶᠢᠳᠠᠯ ᠢ ᠦᠨᠳᠤᠰᠤᠯᠡᠨ᠂ ︽ᠲᠠᠲᠠᠬᠤ᠂ ᠬᠥᠮᠥᠵᠢᠭᠦᠯᠬᠦ᠂ ᠦᠯᠡᠳᠡᠭᠡᠬᠦ︾ ᠭᠤᠷᠪᠠᠨ ᠥᠰᠥᠭ ᠤᠨ ᠨᠣᠮ ᠢ ᠰᠠᠶᠢᠲᠤᠷ ᠤᠩᠰᠢᠵᠤ᠂ ᠨᠠᠷᠠᠲᠤ ᠪᠠᠭᠰᠢ ᠭᠤᠣᠯᠯᠠᠭᠴᠢ ᠪᠠᠭᠰᠢ ᠪᠠᠷ ᠤᠳᠤᠷᠢᠳᠤᠮᠵᠢ ᠪᠣᠯᠭᠠᠭᠰᠠᠨ᠂ ᠰᠢᠯᠢᠳᠡᠭ ᠪᠠᠭᠰᠢ ᠪᠠᠷ ᠲᠤᠯᠭᠠᠭᠤᠷᠢᠯᠠᠭᠰᠠᠨ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠵᠣᠬᠢᠴᠠᠭᠰᠠᠨ ᠱᠠᠲᠤᠯᠢᠭ ᠬᠡᠯᠪᠡᠷᠢ ᠶᠢᠨ ᠪᠠᠭᠰᠢ ᠴᠢᠳᠠᠪᠤᠷᠢᠲᠠᠨ ᠤ ᠡᠩᠨᠡᠭᠡ ᠶᠢ ᠬᠦᠴᠦᠯᠡᠨ ᠪᠠᠶᠢᠭᠤᠯᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠤᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠦᠨᠡᠨ ᠬᠦ ᠰᠠᠶᠢᠲᠤᠷ ᠡᠷᠬᠢᠯᠡᠪᠡ᠃
     ᠵᠣᠬᠢᠶᠠᠨ ᠪᠠᠶᠢᠭᠤᠯᠤᠯᠲᠠ ᠪᠠᠨ ᠴᠢᠩᠭᠠᠳᠬᠠᠨ᠂ ᠨᠢᠭᠡᠳᠦᠯᠲᠡᠢ ᠲᠥᠯᠥᠪᠯᠡᠬᠦ ᠶᠢ ᠴᠢᠬᠤᠯᠠᠴᠢᠯᠠᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠪᠠ᠃ᠪᠠᠭᠰᠢ ᠶᠢᠨ ᠡᠬᠢ ᠪᠠᠶᠠᠯᠢᠭ ᠪᠣᠯ ᠨᠢᠭᠡᠳᠦᠭᠡᠷ ᠡᠬᠢ ᠪᠠᠶᠠᠯᠢᠭ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠭᠰᠢ ᠴᠢᠳᠠᠪᠤᠷᠢᠲᠠᠨ ᠤ ᠡᠩᠨᠡᠭᠡ ᠶᠢ ᠤᠯᠠᠨ ᠠᠷᠭ᠎ᠠ ᠵᠠᠮ ᠢᠶᠠᠷ ᠨᠦᠬᠦᠪᠦᠷᠢᠯᠡᠪᠡ᠃ ᠣᠲᠣ ᠶᠢᠨ ᠪᠠᠶᠢᠭ᠎ᠠ ᠰᠤᠯᠠ ᠣᠷᠣᠨ ᠲᠤᠭ᠎ᠠ ᠵᠢᠴᠢ ᠠᠵᠢᠯ ᠤᠨ ᠪᠠᠶᠢᠷᠢ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ  ᠶᠢ ᠦᠨᠳᠤᠰᠤᠯᠡᠨ᠂ 99 ᠪᠠᠭᠰᠢ ᠶᠢ ᠢᠯᠡ ᠪᠠᠷ ᠡᠯᠰᠡᠵᠦ᠂ ᠪᠠᠭᠰᠢ ᠶᠢᠨ ᠡᠩᠨᠡᠭᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠂ ᠪᠠᠭᠰᠢ ᠶᠢᠨ ᠬᠦᠴᠦᠨ ᠢ ᠴᠢᠩᠭᠠᠷᠠᠭᠤᠯᠪᠠ᠃ ︽ᠴᠢᠳᠠᠪᠤᠷᠢᠲᠠᠨ ᠢ ᠪᠤᠴᠠᠭᠠᠨ ᠠᠪᠴᠢᠷᠠᠬᠤ︾ ᠰᠠᠭᠠᠳ ᠦᠭᠡᠢ ᠨᠡᠪᠲᠡᠷᠡᠬᠦ ᠵᠠᠮ ᠤᠨ ᠳᠦᠷᠢᠮ ᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠨ᠂ ︽ᠠᠵᠢᠯ ᠤᠨ ᠪᠠᠶᠢᠷᠢ ᠵᠤᠬᠢᠴᠠᠬᠤ᠂ ᠲᠤᠰᠬᠠᠢ ᠮᠡᠷᠭᠡᠵᠢᠯ ᠵᠤᠬᠢᠴᠠᠬᠤ᠂ ᠬᠡᠪ ᠴᠢᠨᠠᠷ ᠴᠢᠩᠭ᠎ᠠ᠂ ᠰᠠᠶᠢᠨ ᠠᠴᠠ ᠰᠢᠯᠢᠳᠡᠭ ᠢ ᠰᠣᠩᠭᠤᠬᠤ︾ ᠪᠤᠴᠠᠭᠠᠨ ᠠᠪᠴᠢᠷᠠᠬᠤ ᠵᠠᠷᠴᠢᠮ ᠢ ᠪᠠᠷᠢᠮᠲᠠᠯᠠᠨ᠂ ᠪᠥᠬᠦ ᠬᠤᠰᠢᠭᠤᠨ ᠤ ᠡᠯ᠎ᠡ ᠰᠤᠷᠭᠠᠭᠤᠯᠢ ᠶᠢᠨ  ᠪᠠᠭᠰᠢ ᠪᠠᠴᠢᠮ ᠬᠡᠷᠡᠭᠰᠡᠬᠦ ᠬᠢᠴᠢᠶᠡᠯ ᠲᠦᠷᠦᠯ ᠢ ᠪᠥᠬᠦ ᠲᠠᠯ᠎ᠠ ᠪᠠᠷ ᠪᠠᠶᠢᠴᠠᠭᠠᠨ ᠵᠢᠭᠰᠠᠭᠠᠵᠤ ᠪᠦᠷᠢᠳᠭᠡᠵᠦ᠂ ᠵᠢᠴᠢ ᠬᠤᠰᠢᠭᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠣᠷᠣᠨ ᠲᠤᠭ᠎ᠠ ᠶᠢᠨ ᠠᠯᠪᠠᠨ ᠭᠡᠷ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠬᠤᠯᠪᠤᠭᠠᠯᠠᠨ᠂ ᠵᠠᠷᠤᠳ ᠬᠤᠰᠢᠭᠤ ᠨᠤᠳᠤᠭ ᠲᠠᠢ ᠪᠤᠰᠤᠳ ᠭᠠᠵᠠᠷ ᠠᠵᠢᠯᠯᠠᠵᠦ ᠪᠠᠶᠢᠭ᠎ᠠ 19 ᠰᠢᠯᠢᠳᠡᠭ ᠪᠠᠭᠰᠢ ᠶᠢ ᠪᠦᠯᠦᠭ ᠬᠤᠪᠢᠶᠠᠨ ᠪᠤᠴᠠᠭᠠᠨ ᠠᠪᠴᠢᠷᠠᠵᠤ᠂ ᠴᠢᠳᠠᠪᠤᠷᠢᠲᠠᠨ ᠤ ᠬᠥᠭᠵᠢᠯᠲᠡ ᠳᠤ ᠰᠢᠯᠢᠳᠡᠭ ᠤᠷᠴᠢᠨ ᠲᠤᠭᠤᠷᠢᠨ ᠬᠠᠩᠭᠠᠪᠠ᠃
     ᠦᠢᠯᠡᠳᠦᠯᠭᠡ ᠶᠢ ᠴᠢᠩᠭᠠᠳᠬᠠᠨ᠂ ᠪᠤᠯᠪᠠᠰᠤᠷᠠᠯ ᠢ ᠴᠢᠬᠤᠯᠠᠴᠢᠯᠠᠵᠤ᠂ ᠪᠠᠭᠰᠢ ᠶᠢᠨ ᠡᠩᠨᠡᠭᠡᠨ ᠤ ᠴᠢᠨᠠᠷ ᠴᠢᠨᠰᠠᠭ᠎ᠠ ᠶᠢ ᠲᠡᠭᠡᠭᠰᠢᠯᠡᠭᠦᠯᠪᠡ᠃ ᠬᠤᠲᠠ᠂ ᠬᠤᠰᠢᠭᠤ ᠬᠤᠶᠠᠷ ᠱᠠᠲᠤᠨ ᠤ ᠭᠤᠣᠯᠯᠠᠭᠴᠢ ᠪᠠᠭᠰᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ᠂ ᠬᠥᠳᠡᠭᠡ ᠲᠣᠰᠬᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠣᠯᠯᠠᠭᠴᠢ ᠵᠠᠬᠢᠷᠤᠯ ᠪᠣᠯᠣᠨ ᠪᠠᠭᠰᠢ ᠶᠢᠨ ᠰᠤᠷᠭᠠᠭᠤᠯᠢ ᠡᠷᠭᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠰᠤᠳᠤᠯᠤᠨ ᠰᠤᠷᠤᠯᠴᠠᠬᠤ ᠵᠡᠷᠭᠡ ᠪᠣᠯᠪᠠᠰᠤᠷᠠᠭᠤᠯᠤᠯ ᠤᠨ ᠠᠩᠭᠢ ᠶᠢ ᠲᠤᠭᠳᠠᠭᠰᠠᠨ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠡᠷᠬᠢᠯᠡᠵᠦ᠂ ᠣᠲᠣ ᠨᠢᠭᠡᠨᠲᠡ ︽ᠤᠯᠤᠰ ᠤᠨ ᠪᠣᠯᠪᠠᠰᠤᠷᠠᠭᠤᠯᠤᠯ ᠤᠨ ᠲᠥᠯᠥᠪᠯᠡᠭᠡ︾ ᠶᠢ 13 ᠬᠤᠭᠤᠴᠠᠭ᠎ᠠ ᠥᠷᠨᠢᠭᠦᠯᠵᠦ᠂ 74 ᠬᠥᠮᠥᠨ ᠤᠳᠠᠭ᠎ᠠ ᠪᠣᠯᠪᠠᠰᠤᠷᠠᠭᠤᠯᠪᠠ᠃ ᠡᠭᠦᠨ ᠤ ᠬᠠᠮᠲᠤ ︽ᠨᠡᠷᠡᠲᠦ ᠰᠤᠷᠭᠠᠭᠤᠯᠢ ᠶᠢᠨ ᠵᠠᠬᠢᠷᠤᠯ ᠨᠡᠷᠡᠲᠦ ᠪᠠᠭᠰᠢ︾ ᠶᠢ ᠬᠥᠮᠥᠵᠢᠭᠦᠯᠬᠦ ᠢᠨᠵᠧᠨᠧᠷᠢᠩ ᠤᠨ ᠲᠥᠰᠥᠯ ᠢ ᠲᠣᠭᠲᠠᠭᠠᠨ ᠬᠡᠷᠡᠭᠵᠢᠭᠦᠯᠵᠦ᠂ ︽ᠨᠢᠭᠡ ᠪᠣᠯᠪᠠᠰᠤᠷᠠᠩᠭᠤᠢ ᠪᠤᠯᠭᠠᠪᠠᠯ᠂ ᠲᠠᠬᠢᠨ ᠨᠢᠭᠡ ᠶᠢ ᠰᠣᠩᠭᠤᠵᠤ᠂ ᠨᠢᠭᠡ ᠪᠦᠯᠦᠭ ᠢ ᠪᠤᠶᠢᠵᠢᠭᠤᠯᠪᠠᠯ᠂ ᠲᠠᠬᠢᠨ ᠨᠢᠭᠡ ᠪᠦᠯᠦᠭ ᠢ ᠰᠣᠩᠭᠤᠬᠤ︾ ᠵᠠᠷᠴᠢᠮ ᠶᠣᠰᠣᠭᠠᠷ᠂ ᠤᠯᠤᠰ ᠲᠦᠷᠦ ᠶᠢᠨ ᠲᠠᠯ᠎ᠠ ᠪᠠᠷ ᠴᠢᠩᠭ᠎ᠠ᠂ ᠢᠲᠡᠭᠡᠯ ᠵᠣᠷᠢᠭ ᠢᠶᠠᠷ ᠪᠠᠳᠤ᠂ ᠬᠠᠷᠢᠭᠤᠴᠠᠯᠭ᠎ᠠ ᠪᠠᠷ ᠴᠢᠩᠭ᠎ᠠ᠂ ᠴᠢᠳᠠᠪᠤᠷᠢ ᠪᠠᠷ ᠦᠨᠳᠤᠷ᠂ ᠣᠪᠣᠷ ᠰᠤᠷᠲᠠᠯ ᠢᠶᠠᠷ ᠴᠢᠩᠭ᠎ᠠ᠂ ᠠᠵᠢᠯ ᠤᠨ ᠠᠮᠵᠢᠯᠲᠠ ᠪᠠᠷ ᠲᠣᠪᠣᠶᠢᠮ᠎ᠠ 10 ᠨᠡᠷᠡᠳᠦ ᠰᠤᠷᠭᠠᠭᠤᠯᠢ ᠶᠢᠨ ᠵᠠᠬᠢᠷᠤᠯ᠂ ᠴᠡᠴᠡᠷᠯᠢᠭ ᠤᠨ ᠳᠠᠷᠤᠭ᠎ᠠ ᠶᠢ ᠬᠥᠮᠥᠵᠢᠭᠦᠯᠵᠦ᠂ ᠪᠠᠭᠰᠢ ᠶᠢᠨ ᠮᠣᠷᠠᠯ ᠡᠷᠬᠢᠮ ᠳᠡᠭᠡᠳᠦ᠂ ᠣᠶᠢᠯᠠᠭᠠᠭᠳᠠᠬᠤᠨ ᠳᠠᠪᠰᠢᠩᠭᠤᠢ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠠᠵᠢᠯ ᠤᠨ ᠠᠮᠵᠢᠯᠲᠠ ᠲᠣᠪᠣᠶᠢᠮ᠎ᠠ᠂ ᠰᠤᠷᠤᠭᠴᠢᠳ ᠤᠨ ᠬᠠᠶᠢᠷ᠎ᠠ ᠬᠦᠨᠳᠦᠳᠬᠡᠯ ᠪᠠ ᠭᠡᠷ ᠤᠨ ᠠᠬᠠᠮᠠᠳ ᠲᠤ ᠭᠦᠨ ᠮᠡᠳᠡᠷᠡᠭᠳᠡᠭᠰᠡᠨ 100 ᠭᠠᠷᠤᠢ ᠨᠡᠷᠡᠳᠦ ᠪᠠᠭᠰᠢ ᠶᠢ ᠬᠥᠮᠥᠵᠢᠭᠦᠯᠵᠦ᠂ ᠪᠠᠭᠰᠢ ᠶᠢᠨ ᠡᠩᠨᠡᠭᠡᠨ ᠤ ᠲᠤᠰᠬᠠᠢ ᠮᠡᠷᠭᠡᠵᠢᠯ ᠤᠨ ᠲᠦᠪᠰᠢᠨ ᠪᠠ ᠪᠦᠬᠦᠯᠢ ᠴᠣᠭᠴᠠ ᠶᠢᠨ ᠬᠡᠪ ᠴᠢᠨᠠᠷ ᠢ ᠲᠠᠰᠤᠷᠠᠯᠳᠡ ᠦᠭᠡᠢ ᠲᠡᠭᠡᠭᠰᠢᠯᠡᠭᠦᠯᠪᠡ᠃
     ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠲᠠᠶᠢᠴᠢᠯᠠᠨ ᠳᠠᠭᠠᠭᠤᠯᠬᠤ ᠶᠢ ᠴᠢᠬᠤᠯᠠᠴᠢᠯᠠᠵᠤ᠂ ᠴᠢᠳᠠᠪᠤᠷᠢᠲᠠᠨ ᠤ ᠰᠢᠯᠵᠢᠯᠲᠡ ᠳᠠᠪᠲᠠᠯᠲᠠ ᠶᠢ ᠠᠬᠢᠭᠤᠯᠪᠠ᠃ ︽ᠰᠤᠷᠭᠠᠨ ᠬᠥᠮᠦᠵᠢᠯ ᠤᠨ ᠬᠦᠷᠢᠶ᠎ᠡ ᠴᠠᠷᠠᠭ᠎ᠠ ᠶᠢᠨ ᠲᠤᠰᠬᠠᠢ ᠮᠡᠷᠭᠡᠵᠢᠯᠲᠡᠳ ᠦᠨᠳᠦᠰᠦᠨ ᠱᠠᠲᠤᠨ ᠳᠤ ᠦᠢᠯᠡᠴᠢᠯᠡᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠲᠣᠭᠲᠠᠭᠠᠨ ᠨᠠᠶᠢᠳᠠᠪᠤᠷᠢᠵᠢᠭᠤᠯᠵᠤ᠂ ︽ᠭᠤᠷᠪᠠᠨ ᠣᠷᠣᠨ︾ ᠤ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠠᠵᠢᠯ ᠢ ᠭᠦᠨᠵᠡᠭᠡᠢ ᠠᠬᠢᠭᠤᠯᠤᠨ᠂ ᠦᠨᠳᠦᠰᠦᠨ ᠱᠠᠲᠤᠨ ᠤ ᠰᠤᠷᠭᠠᠭᠤᠯᠢ ᠶᠢᠨ  ᠬᠢᠴᠢᠶᠡᠯ ᠲᠦᠷᠤᠯ ᠤᠨ ᠪᠦᠲᠦᠴᠡ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ 15 ᠭᠤᠣᠯᠯᠠᠭᠴᠢ ᠪᠠᠭᠰᠢ ᠶᠢ ᠰᠣᠩᠭᠤᠨ ᠲᠣᠮᠢᠯᠠᠵᠤ ᠲᠤᠰᠠᠯᠠᠮᠵᠢ ᠭᠥᠷᠳᠡᠬᠦ ᠰᠤᠷᠭᠠᠭᠤᠯᠢ ᠴᠢᠭ᠋ ᠲᠤ  ᠬᠦᠷᠴᠤ ᠵᠠᠯᠭᠠᠭ᠎ᠠ ᠪᠠᠷ ᠨᠢᠭᠡᠨ ᠪᠦᠷᠢᠨ ᠪᠦᠲᠦᠨ ᠰᠤᠷᠤᠯᠭ᠎ᠠ ᠶᠢᠨ ᠵᠢᠯ ᠪᠠᠭᠰᠢᠯᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠬᠢᠴᠢᠶᠡᠯ ᠲᠦᠷᠤᠯ ᠤᠨ ᠪᠦᠲᠦᠴᠡ ᠶᠢᠨ ᠵᠦᠢ ᠵᠣᠬᠢᠰ ᠦᠭᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠤᠷᠢᠯᠡᠪᠡ᠃ ᠡᠭᠦᠨ ᠤ ᠬᠠᠮᠲᠤ᠂ ᠬᠤᠲᠠ ᠲᠣᠭᠤᠷᠢᠭ ᠤᠨ 1 ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠬᠢᠭᠡᠳ 3 ᠰᠢᠶᠠᠩ ᠪᠠᠯᠭᠠᠰᠤᠨ ᠤ ᠳᠤᠮᠳᠠᠳᠤ ᠪᠠᠭ᠎ᠠ ᠰᠤᠷᠭᠠᠭᠤᠯᠢ ᠬᠠᠷᠢᠯᠴᠠᠨ ᠬᠠᠪᠰᠤᠷᠤᠨ ᠲᠡᠳᠬᠦᠬᠦ ︽1+3︾ ᠶᠢᠨ ᠬᠠᠪᠰᠤᠷᠤᠨ ᠲᠡᠳᠬᠦᠬᠦ ᠲᠣᠭᠲᠠᠴᠠ ᠶᠢ ᠰᠦᠪᠡᠭᠴᠢᠯᠡᠨ ᠬᠡᠷᠡᠭᠵᠢᠭᠦᠯᠵᠦ᠂ ᠬᠠᠮᠢᠶᠠᠷᠤᠯᠲᠠ ᠶᠢᠨ ᠲᠤᠷᠰᠢᠯᠭ᠎ᠠ ᠪᠠᠨ ᠰᠣᠯᠢᠯᠴᠠᠨ᠂ ᠰᠤᠷᠭᠠᠭᠤᠯᠢ ᠡᠷᠭᠢᠯᠡᠬᠦ ᠣᠨᠣᠯᠵᠢᠬᠤᠨ ᠢᠶᠠᠨ ᠲᠠᠮᠵᠢᠭᠤᠯᠪᠠ᠃ ᠬᠤᠲᠠ ᠶᠢᠨ ᠲᠣᠭᠤᠷᠢᠭ ᠤᠨ ᠰᠢᠯᠢᠳᠡᠭ ᠪᠠᠭᠰᠢ ᠶᠢ ᠰᠣᠩᠭᠤᠨ ᠲᠣᠮᠢᠯᠠᠵᠤ ᠬᠠᠷᠢᠯᠴᠠᠨ ᠬᠠᠪᠰᠤᠷᠤᠨ ᠲᠡᠳᠬᠦᠬᠦ ᠰᠤᠷᠭᠠᠭᠤᠯᠢ ᠳᠤ ᠣᠴᠢᠭᠤᠯᠤᠨ ᠬᠢᠴᠢᠶᠡᠯ ᠰᠣᠨᠣᠰᠴᠤ᠂ 100 ᠭᠠᠷᠤᠢ ᠦᠵᠡᠭᠦᠯᠤᠯᠭᠡ ᠶᠢᠨ ᠬᠢᠴᠢᠶᠡᠯ ᠤᠷᠤᠵᠦ᠂ ᠵᠢᠱᠢᠶ᠎ᠡ ᠦᠵᠡᠭᠦᠯᠬᠦ ᠬᠢᠴᠢᠶᠡᠯ᠂ ᠰᠢᠯᠢᠳᠡᠭ ᠬᠢᠴᠢᠶᠡᠯ᠂ ᠲᠤᠰᠬᠠᠢ ᠰᠡᠳᠦᠪᠲᠦ ᠲᠠᠶᠢᠯᠤᠮᠵᠢ ᠵᠡᠷᠭᠡ ᠠᠵᠢᠯᠯᠠᠭ᠎ᠠ ᠶᠢ ᠬᠠᠨᠳᠤᠯᠭ᠎ᠠ ᠲᠠᠢ ᠪᠠᠷ ᠥᠷᠨᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠨ᠎ᠡ ᠣᠶᠢᠯᠠᠭᠠᠭᠳᠠᠬᠤᠨ᠂ ᠰᠢᠨ᠎ᠡ ᠠᠷᠭ᠎ᠠ ᠶᠢ ᠤᠯᠠᠮᠵᠢᠯᠠᠵᠤ᠂ ᠪᠥᠬᠦ ᠬᠤᠰᠢᠭᠤᠨ ᠤ ᠬᠢᠴᠢᠶᠡᠯ ᠲᠥᠷᠥᠯ ᠤᠨ  ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ  ᠲᠡᠭᠡᠭᠰᠢᠯᠡᠭᠦᠯᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号