ᠵᠠᠷᠤᠳ ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ︽ᠭᠤᠷᠪᠠᠨ ᠳᠠᠷᠤᠭ᠎ᠠ︾ ᠶᠢᠨ ᠳᠠᠭᠠᠭᠠᠴᠢᠯᠠᠨ ᠪᠠᠲᠣᠯᠠᠬᠤ ᠬᠠᠷᠢᠭᠤᠴᠠᠯᠭ᠎ᠠ ᠶᠢᠨ ᠳᠦᠷᠢᠮ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠪᠠ
ᠨᠡᠶᠢᠲᠡᠯᠡᠭᠰᠡᠨ ᠴᠠᠭ᠄
2022/5/31
   ᠬᠦᠨᠳᠦ ᠶᠡᠭᠡ ᠭᠠᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ︽ᠭᠤᠷᠪᠠᠨ ᠳᠠᠷᠤᠭ᠎ᠠ︾ ᠶᠢᠨ ᠳᠠᠭᠠᠭᠠᠴᠢᠯᠠᠨ ᠪᠠᠲᠣᠯᠠᠬᠤ ᠬᠠᠷᠢᠭᠤᠴᠠᠯᠭ᠎ᠠ ᠶᠢᠨ ᠳᠦᠷᠢᠮ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠪᠠᠭ᠎ᠠ ᠭᠠᠯ ᠳᠤ ᠬᠥᠮᠥᠨ ᠦᠬᠦᠬᠦ ᠠᠳᠡᠯ︾ ᠭᠠᠷᠬᠤ ᠶᠢ ᠡᠷᠡᠰ ᠬᠤᠷᠢᠭᠯᠠᠬᠤ ᠪᠠ ᠤᠷᠢᠳᠴᠢᠯᠠᠨ ᠰᠡᠷᠭᠡᠶᠢᠯᠡᠬᠦ ᠶᠢᠨ ᠲᠦᠯᠦᠭᠡ᠂ ᠵᠠᠷᠤᠳ ᠬᠤᠰᠢᠭᠤᠨ ᠤ ᠭᠠᠯ ᠣᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠪᠥᠬᠦ ᠬᠤᠰᠢᠭᠤᠨ ᠤ ᠬᠡᠪᠴᠢᠶᠡᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠦᠢᠯᠡᠴᠢᠯᠡᠭᠡᠨ ᠤ ᠲᠥᠪ ᠪᠠ ︽ᠨᠢᠭᠡ ᠠᠩᠭᠢ ᠨᠢᠭᠡ ᠲᠥᠪ︾ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠦᠨᠳᠦᠰᠦᠨ ᠱᠠᠲᠤᠨ ᠤ ᠬᠦᠴᠦᠨ ᠢ ᠲᠣᠣᠷ ᠤᠨ ᠦᠵᠦᠭᠦᠷ ᠲᠤ ᠣᠷᠣᠭᠤᠯᠤᠨ᠂ ᠭᠠᠯ ᠰᠡᠷᠭᠡᠶᠢᠯᠡᠬᠦ ᠪᠠᠶᠢᠴᠠᠭᠠᠯᠲᠠ ᠲᠣᠭᠤᠷᠢᠨ ᠪᠠᠶᠢᠴᠠᠭᠠᠯᠲᠠ ᠪᠠ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠪᠣᠯᠪᠠᠰᠤᠷᠠᠭᠤᠯᠤᠯ ᠵᠡᠷᠭᠡ ᠠᠵᠢᠯ ᠥᠷᠨᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ︽ᠡᠴᠦᠰ ᠤᠨ ᠨᠢᠭᠡ ᠺᠢᠯᠣᠮᠧᠲᠷ︾ ᠢ ᠲᠤᠶᠢᠯᠪᠤᠷᠢᠲᠠᠢ ᠨᠡᠪᠲᠡᠷᠡᠭᠦᠯᠪᠡ᠃
   ᠵᠢᠷᠤᠭ ᠲᠦᠰᠥᠯ ᠢᠶᠠᠷ ᠠᠵᠢᠯᠯᠠᠵᠤ᠂ ᠯᠠᠪᠳᠠᠭᠤᠨ ᠪᠠᠲᠤᠲᠠᠢ ᠪᠠᠶᠢᠯᠳᠣᠪᠠ᠃ ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠺᠠᠳ᠋ᠷ᠂ ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠵᠡᠷᠭᠡ ᠬᠦᠴᠦᠨ ᠢ ᠭᠦᠢᠴᠡᠳ ᠠᠭᠤᠳᠠᠯᠵᠤ᠂ ᠬᠠᠷᠢᠶ᠎ᠠ ᠣᠷᠣᠨ ᠤ ᠰᠤᠮᠤ ᠪᠠᠯᠭᠠᠰᠤ ᠲᠠᠯᠠᠪᠠᠢ ᠶᠢᠨ ᠵᠠᠰᠠᠭ ᠤᠨ ᠣᠷᠳᠣᠨ ᠳᠤ ᠣᠯᠠᠨᠲᠠ ᠬᠦᠷᠴᠦ ᠲᠤᠰᠬᠠᠢ ᠠᠵᠢᠯ ᠤᠨ ᠰᠠᠭᠤᠳᠠᠯ ᠤᠨ ᠬᠤᠷᠠᠯ ᠬᠢᠵᠦ᠂ ︽ᠭᠠᠯ ᠤᠨᠲᠠᠷᠠᠭᠠᠬᠤ ᠠᠮᠤᠷ ᠲᠦᠪᠰᠢᠨ ᠤ ︿ᠭᠤᠷᠪᠠᠨ ᠳᠠᠷᠤᠭ᠎ᠠ﹀ ᠶᠢᠨ ᠳᠠᠭᠠᠭᠠᠴᠢᠯᠠᠨ ᠪᠠᠲᠣᠯᠠᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠲᠥᠰᠥᠯ︾ ᠢ ᠤᠯᠠᠮᠵᠢᠯᠠᠭᠰᠠᠨ ᠤ ᠰᠠᠭᠤᠷᠢᠨ ᠳᠡᠭᠡᠷ᠎ᠡ᠂ ᠡᠯ᠎ᠡ ᠰᠤᠮᠤ ᠪᠠᠯᠭᠠᠰᠤ ᠲᠠᠯᠠᠪᠠᠢ ᠶᠢᠨ ᠣᠳᠣᠬᠢ ᠪᠠᠶᠢᠳᠠᠯ ᠢ ᠨᠠᠷᠢᠨ ᠣᠶᠢᠯᠠᠭᠠᠵᠤ᠂ ᠵᠢᠴᠢ ᠪᠣᠳᠠᠲᠤ ᠪᠠᠶᠢᠳᠠᠯ ᠶᠢ ᠨᠢ ᠤᠶᠠᠯᠳᠤᠭᠤᠯᠤᠨ ︽ᠨᠢᠭᠡ ᠠᠩᠭᠢ ᠨᠢᠭᠡ ᠲᠥᠪ︾ ᠤᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠬᠡᠷᠡᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠲᠦᠰᠥᠯ ᠢ ᠨᠠᠷᠢᠨ ᠨᠢᠮᠪᠠᠢ ᠲᠣᠭᠲᠠᠭᠠᠪᠠ᠃ ᠡᠭᠦᠨ ᠤ ᠬᠠᠮᠲᠤ ︽ᠬᠠᠷᠢᠶ᠎ᠠ ᠣᠷᠣᠨ ᠢᠶᠠᠷ ᠭᠤᠣᠯ ᠪᠣᠯᠭᠠᠵᠤ᠂ ᠵᠡᠭᠡᠯᠢ ᠭᠤᠳᠤᠮᠵᠢ ᠪᠠᠷ ᠵᠠᠭᠠᠭ ᠲᠣᠭᠲᠠᠭᠠᠵᠤ᠂ ᠵᠠᠢ ᠵᠠᠪᠰᠠᠷ ᠦᠭᠡᠢ ᠪᠦᠷᠬᠦᠭᠦᠯᠬᠦ︾ ᠵᠠᠷᠴᠢᠮ ᠶᠣᠰᠣᠭᠠᠷ᠂ ᠬᠥᠨᠳᠡᠯᠡᠨ ᠢᠶᠠᠷ ᠬᠢᠵᠠᠭᠠᠷ ᠳᠤᠨᠢ ᠬᠦᠷᠲᠡᠯ᠎ᠡ᠂ ᠭᠤᠯᠳᠤ ᠴᠢᠭᠯᠡᠯ ᠢᠶᠠᠷ ᠡᠴᠦᠰ ᠲᠤᠨᠢ ᠲᠣᠯᠲᠠᠯ᠎ᠠ ᠪᠦᠬᠦᠨ ᠢ ᠬᠠᠮᠤᠷᠬᠤ ᠰᠦᠯᠵᠢᠶᠡᠨ ᠤ ᠰᠢᠰᠲ᠋ᠧᠮ ᠢ ᠪᠠᠶᠢᠭᠤᠯᠵᠤ᠂ ᠲᠣᠣᠷ ᠤᠨ ᠳᠠᠷᠤᠭ᠎ᠠ᠂  ᠲᠣᠣᠷ ᠤᠨ ᠠᠵᠢᠯᠲᠠᠨ ᠤ ᠡᠯ᠎ᠡ ᠱᠠᠲᠤᠨ ᠤ ᠡᠭᠦᠷᠭᠡ ᠬᠠᠷᠢᠭᠤᠴᠠᠯᠭ᠎ᠠ  ᠶᠢ ᠲᠣᠳᠣᠷᠬᠠᠶᠢᠯᠠᠵᠤ᠂ ᠲᠤᠰᠬᠠᠢ ᠪᠠ ᠲᠤᠰᠢᠶᠠᠯ ᠬᠠᠪᠰᠤᠷᠭᠠᠭᠰᠠᠨ ᠲᠣᠣᠷ ᠤᠨ ᠠᠵᠢᠯᠲᠠᠨ ᠢ ᠪᠦᠷᠢᠨ ᠲᠣᠬᠢᠷᠠᠭᠤᠯᠵᠤ᠂ ᠠᠵᠢᠯ ᠤᠨ ᠬᠠᠷᠠᠯᠲᠠ᠂ ᠡᠭᠦᠷᠭᠡ ᠶᠢᠨ ᠵᠠᠳᠠᠯᠤᠯᠲᠠ᠂ ᠵᠣᠬᠢᠶᠠᠨ ᠪᠠᠶᠢᠭᠤᠯᠤᠯᠲᠠ ᠪᠠᠶᠢᠭᠤᠯᠣᠮᠵᠢ᠂ ᠡᠭᠦᠷᠭᠡ ᠬᠠᠷᠢᠭᠤᠴᠠᠯᠭ᠎ᠠ ᠶᠢᠨ ᠳᠦᠷᠢᠮ ᠵᠡᠷᠭᠡ ᠶᠢ ᠲᠣᠳᠣᠷᠬᠠᠢ ᠲᠣᠭᠲᠠᠭᠠᠵᠤ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ  ᠲᠣᠣᠷ ᠤᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠶᠢᠨ ᠭᠠᠯ ᠤᠨᠲᠠᠷᠠᠭᠠᠬᠤ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ᠠᠳᠠᠯᠢ ᠪᠤᠰᠤ ᠲᠠᠰ ᠳᠠᠪᠬᠤᠷᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ︽ᠮᠡᠷᠭᠡᠨ ᠬᠥᠮᠥᠨ︾ ᠢ ᠬᠦᠴᠦᠯᠡᠨ ᠬᠥᠮᠥᠵᠢᠭᠦᠯᠵᠦ᠂ ︽ᠭᠤᠷᠪᠠᠨ ᠳᠠᠷᠤᠭ᠎ᠠ︾ ᠶᠢᠨ ᠳᠠᠭᠠᠭᠠᠴᠢᠯᠠᠨ ᠪᠠᠲᠣᠯᠠᠬᠤ ᠬᠠᠷᠢᠭᠤᠴᠠᠯᠭ᠎ᠠ ᠶᠢᠨ ᠳᠦᠷᠢᠮ ᠤᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠲᠣᠣᠷ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠶᠢ ᠴᠢᠩᠭᠠᠷᠠᠭᠤᠯᠪᠠ᠃
   ᠱᠠᠭᠠᠷᠳᠠᠨ ᠪᠠᠶᠢᠴᠠᠭᠠᠵᠤ ᠬᠢᠨᠠᠨ ᠭᠦᠢᠴᠡᠳᠭᠡᠯᠭᠡᠵᠦ᠂ ᠥᠨᠳᠥᠷ ᠪᠦᠲᠦᠮᠵᠢᠲᠡᠶ ᠪᠠᠷ ᠬᠠᠮᠲᠤ ᠣᠷᠣᠭᠰᠢᠯᠠᠪᠠ᠃ ︽ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠶᠡᠬᠡᠪᠡᠷ ᠵᠢᠭᠰᠠᠭᠠᠨ   ᠪᠠᠶᠢᠴᠠᠭᠠᠬᠤ ᠶᠡᠬᠡᠪᠡᠷ ᠤᠭ ᠡᠬᠢ ᠠᠴᠠ ᠨᠢ ᠠᠭᠤᠳᠠᠯᠠᠬᠤ ᠶᠡᠬᠡᠪᠡᠷ ᠴᠡᠭᠴᠡᠯᠡᠨ ᠵᠠᠰᠠᠬᠤ ᠲᠤᠰᠬᠠᠢ ᠵᠦᠢᠯ ᠤᠨ ᠠᠵᠢᠯ︾ ᠵᠢᠴᠢ ︽ᠤᠮᠠᠷᠠᠲᠤ ᠬᠢᠯᠢ ᠶᠢᠨ ᠬᠥᠬᠡ ᠪᠠᠮᠪᠠᠢ︾ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠨᠡᠶᠢᠲᠡ 128 ᠨᠢᠭᠡᠴᠡ ᠶᠢ ᠪᠠᠶᠢᠴᠠᠭᠠᠵᠤ᠂ 192 ᠳᠠᠯᠳᠠ ᠬᠡᠮ ᠢ ᠢᠯᠡᠷᠡᠭᠦᠯᠵᠦ᠂ 192 ᠭᠠᠵᠠᠷ ᠢ ᠱᠠᠭᠠᠷᠳᠠᠨ ᠴᠡᠭᠴᠡᠯᠡᠨ ᠰᠠᠶᠢᠵᠢᠷᠠᠭᠤᠯᠵᠤ᠂ 72 ᠬᠦᠨᠳᠦ ᠶᠡᠭᠡ ᠭᠠᠯ ᠤᠨ ᠭᠠᠮᠰᠢᠭ ᠤᠨ ᠳᠠᠯᠳᠠ ᠬᠡᠮ ᠲᠠᠢ ᠨᠢᠭᠡᠴᠡ ᠶᠢᠨ ᠬᠠᠷᠢᠭᠤᠴᠠᠯᠭᠠᠲᠠᠨ ᠲᠠᠢ ᠲᠥᠪᠯᠡᠷᠡᠭᠦᠯᠦᠨ ᠪᠣᠯᠵᠣᠨ ᠶᠠᠷᠢᠯᠴᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠥᠪᠡᠰᠦᠪᠡᠨ ᠪᠠᠶᠢᠴᠠᠭᠠᠬᠤ ᠠᠵᠢᠯ ᠢ ᠪᠠᠶᠢᠷᠢᠯᠠᠭᠤᠯᠤᠨ ᠥᠷᠨᠢᠭᠦᠯᠵᠦ᠂ ᠪᠠᠶᠢᠭᠤᠯᠭ᠎ᠠ ᠨᠢᠭᠡᠴᠡ ᠬᠢᠨ ᠢ ᠱᠠᠭᠠᠷᠳᠠᠨ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠪᠥᠬᠦ ᠬᠦᠴᠦᠨ ᠢᠶᠠᠷ ᠢᠶᠠᠨ ᠬᠠᠮᠠᠭᠠᠯᠠᠪᠠ᠃
   ᠣᠨᠣᠴᠠᠲᠠᠢ ᠬᠦᠴᠦᠯᠡᠵᠦ᠂ ᠤᠬᠠᠭᠤᠯᠭ᠎ᠠ ᠶᠢ ᠴᠢᠩᠭᠠᠳᠬᠠᠪᠠ᠃ ᠤᠯᠠᠷᠢᠯ ᠤᠨ ᠴᠢᠨᠠᠷᠲᠠᠢ ᠭᠠᠯ ᠤᠨ ᠭᠠᠮᠰᠢᠭ ᠡᠭᠦᠰᠬᠦ ᠣᠨᠴᠠᠯᠢᠭ ᠪᠠ ᠵᠢᠮ᠎ᠡ ᠶᠣᠰᠣ  ᠲᠠᠢ ᠤᠶᠠᠯᠳᠤᠭᠤᠯᠤᠨ᠂ ᠬᠤᠰᠢᠭᠤᠨ ᠤ ᠭᠠᠯ  ᠣᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠭᠠᠯ ᠤᠨᠲᠠᠷᠠᠭᠠᠬᠤ ᠰᠠᠶᠢᠨ ᠳᠣᠷᠠᠴᠣᠳ᠂ ᠨᠡᠶᠢᠭᠡᠮ ᠲᠣᠭᠤᠷᠢᠭ ᠤᠨ ᠲᠣᠣᠷ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠪᠠ ᠤᠬᠠᠭᠤᠯᠭ᠎ᠠ ᠶᠢᠨ ᠠᠵᠢᠯᠯᠠᠭ᠎ᠠ ᠶᠢ ᠬᠠᠨᠳᠤᠯᠭ᠎ᠠ ᠲᠠᠢ ᠪᠠᠷ ᠥᠷᠨᠢᠭᠦᠯᠵᠦ᠂ ᠣᠶᠢᠷ᠎ᠠ ᠶᠢᠨ ᠬᠤᠭᠤᠴᠠᠭᠠᠨ ᠤ ᠨᠡᠶᠢᠲᠡᠯᠢᠭ ᠭᠠᠯ ᠤᠨ ᠭᠠᠮᠰᠢᠭ ᠤᠨ ᠠᠳᠡᠯ ᠢᠶᠠᠷ ᠰᠡᠷᠡᠮᠵᠢᠯᠡᠭᠦᠯᠬᠦ ᠤᠬᠠᠭᠤᠯᠭ᠎ᠠ ᠬᠢᠵᠦ᠂ ᠥᠷᠭᠡᠨ ᠣᠯᠠᠨ ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠭᠠᠯ ᠤᠨᠲᠠᠷᠠᠭᠠᠬᠤ ᠦᠨᠳᠦᠰᠦᠨ ᠱᠠᠲᠤᠨ ᠤ ᠡᠴᠦᠰ ᠤᠨ ᠵᠠᠰᠠᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ ᠪᠦᠷᠢᠳᠬᠡᠯ ᠢ ᠦᠨᠳᠦᠰᠦᠯᠡᠪᠡᠯ᠂ ᠪᠦᠭᠦ ᠬᠤᠰᠢᠭᠤᠨ ᠤ ᠬᠡᠪᠴᠢᠶᠡᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠲᠣᠣᠷ ᠤᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠡ ᠶᠢᠨ 300 ᠭᠠᠷᠤᠢ ᠬᠦᠮᠦᠰ ᠲᠤ ᠶᠡᠭᠡ ᠪᠣᠯᠪᠠᠰᠤᠷᠠᠯ ᠬᠦᠷᠲᠡᠭᠡᠪᠡ︔ ᠰᠢᠤᠳᠠᠨ ᠤ ᠲᠦᠷᠭᠡᠨ ᠬᠦᠷᠭᠡᠯᠲᠡ ᠲᠠᠢ ᠬᠠᠮᠲᠤᠷᠠᠨ ᠭᠠᠯ ᠤᠨᠲᠠᠷᠠᠭᠠᠬᠤ ᠤᠬᠠᠭᠤᠯᠭ᠎ᠠ ᠶᠢᠨ ᠲᠣᠭᠲᠠᠮᠠᠯ ᠦᠵᠡᠭᠦᠯᠦᠯᠭᠡ ᠶᠢᠨ ᠰᠠᠮᠪᠠᠷ᠎ᠠ20᠂ ᠲᠦᠷᠭᠡᠨ ᠬᠦᠷᠭᠡᠬᠦ ᠲᠡᠷᠭᠡ 50᠂ ᠲᠦᠷᠭᠡᠨ ᠬᠦᠷᠭᠡᠭᠴᠢ 150 ᠲᠣᠬᠢᠷᠠᠭᠤᠯᠵᠤ᠂ ᠬᠥᠮᠥᠨ ᠲᠣᠬᠢᠷᠠᠭᠤᠯᠵᠤ᠂ 11 ᠤᠳᠠᠭ᠎ᠠ ᠭᠠᠯ ᠤᠨᠲᠠᠷᠠᠭᠠᠬᠤ ᠰᠣᠷᠢᠯᠲᠠ ᠶᠢ ᠬᠢᠵᠦ᠂ 42 ᠤᠳᠠᠭ᠎ᠠ ᠭᠠᠯ ᠤᠨᠲᠠᠷᠠᠭᠠᠬᠤ ᠮᠡᠳᠡᠯᠭᠡ ᠶᠢᠨ ᠲᠠᠶᠢᠯᠪᠣᠷᠢᠯᠠᠯᠲᠠ ᠬᠢᠵᠦ᠂ 15 ᠤᠳᠠᠭ᠎ᠠ ᠭᠠᠯ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠡᠷᠬᠢᠯᠡᠵᠦ᠂ 26 ᠤᠳᠠᠭ᠎ᠠ ︽ᠲᠣᠣᠷ ᠤᠨ ᠠᠵᠢᠯᠲᠠᠨ + ᠰᠠᠶᠢᠨ ᠳᠣᠷᠠᠴᠣᠳ︾ ᠡᠷᠥᠭᠡ ᠳᠤ ᠣᠷᠣᠵᠤ ︽ᠲᠠᠪᠤ ᠳᠤ ᠣᠷᠣᠭᠤᠯᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ︽ᠠᠮᠤᠷ ᠲᠦᠪᠰᠢᠨ ᠨᠢ ᠵᠣᠷᠰᠢᠯ ᠪᠣᠯᠵᠤ  ᠬᠥᠮᠥᠨ ᠪᠥᠬᠦᠨ ᠭᠠᠯ ᠤᠨᠲᠠᠷᠠᠭᠠᠬᠤ︾ ᠭᠦᠨ ᠵᠤᠵᠠᠭᠠᠨ ᠠᠭᠤᠷ ᠠᠮᠢᠰᠬᠤᠯ᢭ᠢ ᠦᠨᠡᠨᠬᠦ ᠪᠤᠢ ᠪᠣᠯᠭᠠᠪᠠ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠭᠠᠯ ᠣᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ  ᠬᠢᠨ ︽ᠭᠠᠯ ᠤᠨᠲᠠᠷᠠᠭᠠᠬᠤ ᠠᠮᠤᠷ ᠲᠦᠪᠰᠢᠨ ᠤ ︿ᠭᠤᠷᠪᠠᠨ ᠳᠠᠷᠤᠭ᠎ᠠ﹀ ᠶᠢᠨ  ᠳᠠᠭᠠᠭᠠᠴᠢᠯᠠᠨ ᠪᠠᠲᠣᠯᠠᠬᠤ ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠲᠥᠰᠥᠯ︾ ︽ᠦᠨᠳᠦᠰᠦᠨ ᠱᠠᠲᠤᠨ ᠤ ᠦᠵᠦᠭᠦᠷ ᠤᠨ ︿ᠪᠠᠭ᠎ᠠ ᠭᠠᠯ ᠳᠤ ᠬᠥᠮᠥᠨ ᠦᠬᠦᠬᠦ﹀ ᠠᠳᠡᠯ ᠭᠠᠷᠬᠤ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾ ᠵᠡᠷᠭᠡ ᠲᠥᠰᠥᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠭᠠᠯ ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢᠨ ᠰᠢᠰᠲ᠋ᠧᠮ ᠪᠣᠯᠣᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠠᠶᠢᠭᠤᠯᠤᠯᠲᠠ ᠶᠢ ᠠᠬᠢᠭᠤᠯᠵᠤ᠂ ︽ᠠᠮᠤᠷ ᠲᠦᠪᠰᠢᠨ ᠨᠢ ᠵᠣᠷᠰᠢᠯ ᠪᠣᠯᠵᠤ᠂ ᠬᠥᠮᠥᠨ ᠪᠦᠬᠦᠨ ᠭᠠᠯ ᠤᠨᠲᠠᠷᠠᠭᠠᠬᠤ︾ ᠣᠶᠢᠯᠠᠭᠠᠭᠳᠠᠬᠤᠨ ᠢ ᠪᠠᠲᠤᠳᠬᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠪᠣᠯᠣᠨ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠳᠤ ᠨᠠᠷᠢᠯᠢᠭ ᠣᠨᠣᠴᠠᠲᠠᠢ᠂ ᠴᠢᠨᠠᠷ ᠰᠠᠶᠢᠲᠠᠢ᠂ ᠨᠠᠶᠢᠳᠠᠪᠤᠷᠢᠲᠠᠢ ᠭᠠᠯ ᠤᠨᠲᠠᠷᠠᠭᠠᠬᠤ ᠠᠮᠤᠷ ᠲᠦᠪᠰᠢᠨ ᠤ ᠦᠢᠯᠡᠴᠢᠯᠡᠭᠡ ᠬᠠᠩᠭᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号