ᠪᠠᠶᠠᠨᠲᠠᠯ᠎ᠠ ᠰᠤᠮᠤ ᠶᠢᠨ ᠹᠧᠩ ᠬᠤᠸᠠᠩ ᠱᠠᠨ ᠲᠣᠰᠬᠤᠨ ᠤᠰᠤᠯᠠᠯᠲᠠ ᠶᠢᠨ ᠲᠥᠬᠦᠭᠡᠷᠦᠮᠵᠢ ᠪᠠᠨ ᠰᠡᠯᠪᠢᠨ ᠵᠠᠰᠠᠪᠠ
ᠨᠡᠶᠢᠲᠡᠯᠡᠭᠰᠡᠨ ᠴᠠᠭ᠄
2022/5/6
       ᠣᠶᠢᠷ᠎ᠠ ᠳᠤ᠂ ᠪᠠᠶᠠᠨᠲᠠᠯ᠎ᠠ ᠰᠤᠮᠤ ᠶᠢᠨ ᠹᠧᠩ ᠬᠤᠸᠠᠩ ᠱᠠᠨ ᠲᠣᠰᠬᠤᠨ ᠬᠢᠨ ᠬᠡᠰᠡᠭ ᠲᠠᠷᠢᠶᠠᠨ ᠭᠠᠵᠠᠷ ᠤᠨ ᠤᠰᠤᠯᠠᠯᠲᠠ ᠶᠢᠨ ᠲᠥᠬᠦᠭᠡᠷᠦᠮᠵᠢ ᠶᠢᠨ ᠬᠤᠭᠤᠯᠠᠢ ᠤᠲᠠᠰᠤ ᠬᠠᠭᠤᠴᠢᠷᠠᠭᠰᠠᠨ ᠠᠴᠠ ᠪᠣᠯᠵᠤ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠨᠥᠯᠥᠭᠡᠯᠡᠵᠦ ᠪᠠᠶᠢᠬᠤ ᠶᠢ ᠣᠯᠵᠤ ᠮᠡᠳᠡᠪᠡ᠂ ᠣᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠬᠦ ᠶᠢᠨ ᠲᠥᠯᠥᠭᠡ᠂ ᠲᠣᠰᠬᠤᠨ ᠤ ᠨᠠᠮ ᠤᠨ ᠡᠭᠦᠷ ᠲᠦᠷᠦᠭᠦᠯᠡᠨ ᠬᠥᠮᠥᠰ ᠢᠶᠠᠨ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠤᠰᠤᠯᠠᠬᠤ ᠬᠤᠭᠤᠯᠠᠢ ᠶᠢ ᠳᠠᠬᠢᠨ ᠭᠦᠨ ᠪᠤᠯᠠᠵᠤ᠂ ᠤᠰᠤ ᠬᠡᠷᠡᠭᠯᠡᠬᠦ ᠬᠡᠷᠡᠭᠴᠡᠭᠡ ᠶᠢ ᠦᠨᠡᠨ ᠬᠦ ᠪᠠᠲᠤᠯᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠪᠠᠲᠣᠯᠠᠪᠠ᠃ ᠲᠣᠰ ᠤᠳᠠᠭᠠᠨ ᠤ ᠰᠡᠯᠪᠢᠨ ᠵᠠᠰᠠᠬᠤ ᠠᠵᠢᠯ ᠳᠤ 3 ᠡᠳᠦᠷ ᠤᠨ ᠴᠠᠭ ᠬᠡᠷᠡᠭᠯᠡᠵᠦ᠂ 8000 ᠲᠥᠭᠦᠷᠢᠭ ᠵᠠᠷᠤᠴᠠᠭᠤᠯᠤᠨ᠂ 500 ᠮᠧᠲᠷ ᠬᠤᠭᠤᠯᠠᠢ ᠤᠲᠠᠰᠤ ᠲᠠᠲᠠᠵᠤ᠂ 50 ᠭᠠᠷᠤᠢ ᠲᠠᠷᠢᠶᠠᠴᠢᠨ ᠡᠷᠦᠬᠡ ᠶᠢᠨ 200 ᠭᠠᠷᠤᠢ ᠮᠦ ᠲᠠᠷᠢᠶ᠎ᠠ ᠶᠢ ᠬᠠᠮᠤᠷᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号