| ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠦᠴᠦᠯᠡᠨ ᠴᠢᠩᠭᠠᠳᠬᠠᠵᠤ᠂ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢᠶᠠᠨ ᠰᠠᠶᠢᠲᠤᠷ ᠬᠠᠮᠠᠭᠠᠯᠠᠬᠤ ᠶᠢᠨ ᠲᠥᠯᠥᠭᠡ᠂ ᠵᠠᠷᠤᠳ | ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠢᠨ ᠤᠬᠠᠭᠤᠯᠭ᠎ᠠ ᠬᠥᠮᠦᠵᠢᠯ ᠢ | ᠭᠦᠨᠵᠡᠭᠡᠶᠢᠷᠡᠭᠦᠯᠬᠦ ᠪᠠᠷ ᠳᠠᠮᠵᠢᠨ᠂ ᠵᠣᠬᠢᠶᠠᠨ ᠪᠠᠶᠢᠭᠤᠯᠤᠨ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ | ᠦᠢᠯᠡᠴᠢᠯᠡᠭᠡᠨ ᠤ ᠵᠣᠷᠢᠯᠲᠠ ᠪᠠᠨ ᠦᠢᠯᠡᠳᠦᠯᠭᠡᠵᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠣᠶᠢᠯᠠᠭᠠᠭᠳᠠᠬᠤᠨ ᠢ | ᠥᠷᠭᠡᠨ ᠣᠯᠠᠨ ᠨᠠᠮ ᠤᠨ ᠭᠡᠰᠢᠭᠦᠨ ᠲᠦᠮᠡᠨ ᠤ ᠴᠢᠰᠤᠨ ᠰᠤᠳᠠᠰᠤ ᠳᠤ ᠦᠨᠳᠦᠰᠦᠯᠡᠭᠦᠯᠪᠡ᠃ | ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠤ ᠣᠶᠢᠯᠠᠭᠠᠭᠳᠠᠬᠤᠨ | ᠮᠡᠳᠡᠷᠡᠬᠦ ᠶᠢ ᠨᠡᠩ ᠡᠷᠡᠰ ᠪᠠᠲᠤ ᠪᠣᠯᠭᠠᠪᠠ᠃ ᠰᠦᠯᠵᠢᠶᠡᠨ ᠳᠡᠭᠡᠷ᠎ᠡ ᠰᠤᠷᠣᠯᠴᠠᠬᠤ ᠪᠠ ᠰᠦᠯᠵᠢᠶᠡᠨ ᠭᠠᠳᠠᠨ᠎ᠠ | ᠰᠤᠷᠤᠯᠴᠠᠬᠤ ᠶᠢ ᠨᠡᠶᠢᠳᠡᠮ ᠪᠦᠷᠬᠦᠭᠦᠯᠬᠦ ᠂ ᠨᠠᠮ ᠤᠨ ᠭᠡᠰᠢᠭᠦᠨ ᠺᠠᠳ᠋ᠷᠴᠤᠳ ᠤᠨ ᠬᠥᠮᠦᠵᠢᠯ᠂ ᠨᠡᠶᠢᠭᠡᠮ ᠤᠨ | ᠬᠥᠮᠦᠵᠢᠯ᠂ ᠭᠤᠣᠯᠳᠠᠯᠭ᠎ᠠ ᠲᠠᠢ ᠬᠦᠷᠢᠶᠡᠨ ᠤ ᠬᠥᠮᠦᠵᠢᠯ ᠢ ᠬᠡᠪᠴᠢᠶᠡᠵᠢᠭᠦᠯᠬᠦ᠂ ᠲᠥᠪᠯᠡᠷᠡᠭᠦᠯᠦᠨ ᠰᠤᠷᠤᠯᠴᠠᠬᠤ᠂ | ᠡᠳᠦᠷ ᠲᠤᠳᠤᠮ ᠤᠨ ᠰᠤᠷᠣᠯᠴᠠᠭᠠ᠂ ᠰᠤᠷᠣᠯᠴᠠᠯᠭ᠎ᠠ ᠬᠦᠷᠭᠡᠬᠦ ᠶᠢ ᠬᠠᠷᠢᠯᠴᠠᠨ ᠣᠶᠠᠯᠳᠣᠭᠤᠯᠣᠨ᠂ ᠰᠢᠰᠲ᠋ᠧᠮᠵᠢᠭᠰᠡᠨ᠂ | ᠤᠯᠠᠨ ᠶᠠᠩᠵᠤᠴᠢᠯᠠᠭᠰᠠᠨ᠂ ᠪᠦᠬᠦ ᠲᠠᠯ᠎ᠠ ᠶᠢᠨ ᠴᠢᠨᠠᠷᠲᠠᠢ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ | ᠯᠠᠪᠳᠠᠭᠤᠨ ᠢᠶᠠᠷ ᠲᠦᠯᠬᠢᠨ ᠠᠬᠢᠭᠤᠯᠪᠠ᠃ ᠣᠶᠢᠷ᠎ᠠ ᠶᠢᠨ ᠬᠤᠭᠤᠴᠠᠭᠠᠨ ᠳᠤ᠂ ᠲᠥᠦᠬᠢᠨ ᠲᠠᠪᠴᠠᠩ ᠢᠶᠠᠷ ᠳᠠᠮᠵᠢᠨ᠂ | ᠨᠠᠮ ᠤᠨ ᠬᠢᠴᠢᠶᠡᠯ ᠢ ᠰᠢᠭᠤᠳ ᠨᠡᠪᠲᠡᠷᠡᠭᠦᠯᠬᠦ ᠬᠡᠯᠪᠡᠷᠢ ᠪᠠᠷ ᠪᠥᠬᠦ ᠬᠤᠰᠢᠭᠤᠨ ᠤ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠱᠦᠵᠢ ᠪᠠ ᠨᠠᠮ ᠤᠨ ᠠᠵᠢᠯ ᠤᠨ ᠠᠵᠢᠯᠲᠠᠨ᠂ ᠲᠣᠰᠬᠤᠨ ᠳᠤ ᠰᠠᠭᠤᠭ᠎ᠠ ᠺᠠᠳ᠋ᠷ᠂ | ᠮᠠᠯᠴᠢᠨ ᠲᠠᠷᠢᠶᠠᠴᠢᠨ ᠨᠠᠮ ᠤᠨ ᠭᠡᠰᠢᠭᠦᠨ᠂ ᠨᠡᠭᠦᠳᠡᠯ ᠨᠠᠮ ᠤᠨ ᠭᠡᠰᠢᠭᠦᠨ ᠵᠡᠷᠭᠡ ᠪᠦᠬᠦ ᠬᠤᠰᠢᠭᠤᠨ ᠤ 3600 | ᠭᠠᠷᠤᠢ ᠬᠥᠮᠥᠨ ᠳᠤ ᠪᠣᠯᠪᠠᠰᠤᠷᠠᠯ ᠬᠦᠷᠲᠡᠭᠡᠪᠡ᠃ ᠪᠣᠯᠪᠠᠰᠤᠷᠠᠭᠤᠯᠤᠯ ᠤᠨ ᠬᠤᠭᠤᠴᠠᠭᠠᠨ ᠳᠤ ᠰᠤᠷᠣᠯᠭᠠᠲᠠᠨ ᠤ | ᠰᠦᠯᠵᠢᠶᠡᠨ ᠳᠡᠭᠡᠷ᠎ᠡ ᠦᠭᠡ ᠦᠯᠡᠳᠡᠭᠡᠬᠦ᠂ ᠲᠣᠶᠠᠴᠢᠨ ᠰᠠᠶᠢᠰᠢᠶᠠᠬᠤ᠂ ᠠᠰᠠᠭᠤᠯᠲᠠ ᠳᠤᠷᠠᠳᠬᠤ ᠵᠡᠷᠭᠡ ᠠᠷᠭ᠎ᠠ | ᠮᠠᠶ᠋ᠢᠭ ᠢᠶᠠᠷ ᠯᠧᠺᠲ᠋ᠣᠷ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠵᠤ᠂ | ᠪᠣᠯᠪᠠᠰᠤᠷᠠᠭᠤᠯᠤᠯ ᠰᠤᠷᠤᠯᠴᠠᠯᠭ᠎ᠠ ᠶᠢᠨ ᠪᠣᠳᠠᠲᠤ ᠪᠦᠲᠦᠮᠵᠢᠲᠦ ᠴᠢᠨᠠᠷ ᠪᠠ ᠪᠣᠳᠠᠲᠤ ᠬᠡᠷᠡᠭᠯᠡᠭᠡᠨ ᠤ ᠦᠷ᠎ᠡ | ᠪᠦᠲᠦᠮᠵᠢ ᠶᠢ ᠨᠡᠮᠡᠭᠳᠡᠭᠦᠯᠪᠡ᠃ ᠥᠷᠭᠡᠨ ᠤᠯᠠᠨ ᠨᠠᠮ ᠤᠨ ᠭᠡᠰᠢᠭᠦᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ | ᠪᠠᠶᠢᠭᠠᠳ ᠵᠥᠪ ᠣᠨᠣᠪᠴᠢᠲᠠᠶ ᠤᠯᠤᠰ ᠣᠷᠣᠨ ᠤ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ | ᠦᠵᠡᠯᠲᠡ ᠶᠢ ᠪᠤᠢ ᠪᠣᠯᠭᠠᠪᠠ᠃ | ᠵᠣᠬᠢᠶᠠᠨ ᠪᠠᠶᠢᠭᠤᠯᠵᠤ ᠬᠥᠲᠥᠯᠥᠨ ᠳᠠᠭᠠᠭᠤᠯᠬᠤ ᠶᠢ ᠴᠢᠩᠭ᠎ᠠ ᠠᠳᠬᠤᠵᠤ᠂ ᠦᠨᠳᠦᠰᠦᠲᠡᠨ ᠤ ᠪᠦᠯᠬᠦᠮᠳᠡᠯ ᠤᠨ | ᠲᠠᠶᠢᠴᠢᠨ ᠪᠠᠬᠢᠯᠡᠯᠲᠡ ᠶᠢ ᠨᠡᠩ ᠪᠠᠲᠤ ᠪᠠᠬᠢ ᠪᠣᠯᠭᠠᠪᠠ᠃ ︽ᠨᠠᠮ ᠤᠨ ᠡᠭᠦᠷ + ᠨᠠᠮ ᠤᠨ ᠡᠭᠦᠷ︾ ︽ᠠᠷᠪᠠᠨ | ᠨᠢᠭᠡ︾ ᠶᠢᠨ ᠬᠤᠯᠪᠤᠭᠠᠯᠠᠨ ᠬᠠᠮᠲᠤ ᠪᠠᠷ ᠪᠠᠶᠢᠭᠤᠯᠬᠤ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠬᠤᠰᠢᠭᠤᠨ ᠤ | ᠰᠢᠭᠤᠳ ᠬᠠᠷᠢᠶ᠎ᠠ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠭᠠᠴᠠᠭ᠎ᠠ ᠲᠣᠰᠬᠤᠨ ᠤ ᠨᠠᠮ ᠤᠨ ᠡᠭᠦᠷ ᠯᠦᠭᠡ ᠬᠤᠣᠰᠯᠠᠨ ᠬᠠᠮᠲᠤ ᠪᠠᠷ | ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠢᠨ ᠨᠠᠭᠠᠲᠤ ᠵᠠᠬ᠎ᠠ ᠳᠠᠭᠠᠨ 1 ᠬᠦᠴᠢᠷᠳᠡᠯᠲᠡᠢ ᠡᠷᠦᠬᠡ ᠶᠢ | ᠰᠣᠩᠭᠤᠨ ᠬᠤᠯᠪᠤᠭ᠎ᠠ ᠪᠠᠶᠢᠭᠤᠯᠵᠤ᠂ ᠨᠢᠭᠡ ᠤᠳᠠᠭ᠎ᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ | ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠨᠢᠭᠡ ᠪᠣᠳᠠᠲᠠᠢ ᠬᠦᠴᠢᠷᠳᠡᠯ ᠢ ᠬᠠᠪᠰᠤᠷᠤᠨ ᠰᠢᠢᠳᠪᠦᠷᠢᠯᠡᠪᠡ᠃ ︽ | ᠬᠠᠮᠤᠭ ᠤᠨ ᠬᠦᠴᠦᠷᠬᠡᠭ ᠨᠠᠮ ᠤᠨ ᠡᠭᠦᠷ︾ ᠢ ᠪᠠᠶᠢᠭᠤᠯᠬᠤ ᠲᠠᠢ ᠤᠶᠠᠯᠳᠤᠭᠤᠯᠤᠨ᠂ ᠡᠯ᠎ᠡ ᠬᠦᠷᠢᠶᠡᠨ ᠳᠠᠬᠢ ᠨᠠᠮ ᠤᠨ | ᠵᠣᠬᠢᠶᠠᠨ ᠪᠠᠶᠢᠭᠤᠯᠤᠯᠲᠠ ᠶᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠪᠠᠨ ᠪᠠᠬᠢᠵᠢᠭᠦᠯᠦᠨ ᠭᠦᠨᠵᠡᠭᠡᠶᠢᠷᠡᠭᠦᠯᠵᠦ᠂ | ᠳᠤᠷᠤᠢ ᠪᠠᠭᠤᠷᠠᠢ ᠰᠤᠯᠠ ᠵᠠᠳᠠᠭᠠᠢ ᠨᠢᠭᠡ ᠨᠠᠮ ᠤᠨ ᠡᠭᠦᠷ ᠢ ᠪᠠᠶᠢᠴᠠᠭᠠᠵᠤ ᠭᠠᠷᠭᠠᠪᠠ᠂ ᠵᠢᠴᠢ ᠫᠠᠶᠢᠰᠠ ᠡᠯᠭᠦᠨ | ᠱᠠᠭᠠᠷᠳᠠᠨ ᠬᠢᠯᠭᠡᠬᠦ᠂ ᠪᠠᠯᠭᠠᠰᠤᠨ ᠤ ᠱᠠᠲᠤᠨ ᠤ ᠤᠳᠤᠷᠢᠳᠬᠤ ᠺᠠᠳ᠋ᠷ ᠢ ᠰᠣᠩᠭᠤᠨ ᠲᠣᠮᠢᠯᠠᠬᠤ᠂ ᠨᠠᠮ ᠤᠨ ᠡᠭᠦᠷ | ᠬᠠᠮᠲᠤᠷᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠥᠷᠨᠢᠭᠦᠯᠪᠡ᠃ | ᠦᠨᠳᠦᠰᠦᠨ ᠱᠠᠲᠤᠨ ᠤ ᠲᠣᠣᠷ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠦᠨᠳᠦᠰᠦᠲᠡᠨ ᠤ | ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ | ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠲᠠᠶᠢᠴᠢᠨ ᠪᠠᠬᠢᠯᠡᠯᠲᠡ ᠶᠢ ᠨᠡᠩ ᠪᠠᠲᠤ ᠪᠠᠬᠢ ᠪᠣᠯᠭᠠᠪᠠ᠃ | ᠦᠢᠯᠡᠴᠢᠯᠡᠭᠡᠨ ᠤ ᠵᠣᠷᠢᠯᠲᠠ ᠪᠠᠨ ᠦᠢᠯᠡᠳᠦᠯᠭᠡᠵᠢᠭᠦᠯᠵᠦ᠂ ᠪᠦᠯᠬᠦᠮᠳᠡᠯ ᠲᠠᠪᠰᠢᠯᠳᠠ ᠶᠢ ᠠᠬᠢᠭᠤᠯᠬᠤ | ᠲᠠᠯ᠎ᠠ ᠪᠠᠷ ᠨᠡᠩ ᠪᠠᠲᠤ ᠪᠠᠬᠢ ᠪᠣᠯᠪᠠ᠃ ᠪᠥᠬᠦ ᠬᠤᠰᠢᠭᠤᠨ ᠳᠤ 434 ᠰᠠᠯᠠᠭ᠎ᠠ ︽ᠨᠠᠮ ᠤᠨ ᠭᠡᠰᠢᠭᠦᠨ ᠤ ᠰᠠᠶᠢᠨ | ᠳᠤᠷ᠎ᠠ ᠶᠢᠨ ᠦᠢᠯᠡᠴᠢᠯᠡᠭᠡᠨ ᠤ ᠠᠩᠭᠢ︾ ᠪᠠ ︽ᠨᠠᠮ ᠤᠨ ᠭᠡᠰᠢᠭᠦᠨ ᠤ ᠪᠠᠴᠢᠮ ᠪᠠᠶᠢᠳᠠᠯ ᠢ ᠠᠷᠭᠠᠴᠠᠭᠠᠬᠤ | ᠭᠠᠪᠰᠢᠭᠠᠢ ᠠᠩᠭᠢ︾ ᠶᠢ ᠵᠣᠬᠢᠶᠠᠨ ᠪᠠᠶᠢᠭᠤᠯᠵᠤ᠂ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠬᠦ︾ | ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠣᠯᠠᠨ ᠲᠦᠮᠡᠨ ᠳᠤ ᠦᠢᠯᠡᠴᠢᠯᠡᠬᠦ᠂ | ᠦᠢᠯᠡᠳᠪᠦᠷᠢᠯᠡᠯ ᠳᠤ ᠦᠢᠯᠡᠴᠢᠯᠡᠬᠦ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠭᠠᠮᠰᠢᠭ ᠢ ᠰᠡᠷᠭᠡᠶᠢᠯᠡᠨ | ᠭᠠᠮᠰᠢᠭ ᠢ ᠡᠰᠡᠷᠭᠦᠴᠡᠬᠦ ᠪᠠᠲᠤ ᠴᠢᠩᠭ᠎ᠠ ᠳᠠᠶᠢᠴᠢᠨ ᠪᠠᠬᠢᠯᠡᠯᠲᠡ ᠪᠣᠯᠭᠠᠪᠠ᠃102 ᠪᠠᠶᠢᠭᠤᠯᠭ᠎ᠠ ᠶᠢᠨ ᠨᠠᠮ ᠤᠨ | ᠵᠣᠬᠢᠶᠠᠨ ᠪᠠᠶᠢᠭᠤᠯᠤᠯᠲᠠ ᠬᠤᠣᠰᠯᠠᠨ ᠪᠠᠶᠢᠭᠤᠯᠵᠤ ᠬᠠᠮᠲᠤ ᠪᠠᠷ ᠪᠠᠶᠢᠭᠤᠯᠬᠤ ᠬᠡᠯᠪᠡᠷᠢ ᠪᠠᠷ ᠳᠠᠮᠵᠢᠨ᠂ ᠨᠡᠶᠢᠭᠡᠮ | ᠲᠣᠭᠤᠷᠢᠭ ᠲᠤ ᠭᠦᠨᠵᠡᠭᠡᠶᠢᠷᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠨ ᠲᠠᠷᠢᠯᠭ᠎ᠠ᠂ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ | 174 ᠤᠳᠠᠭ᠎ᠠ ᠬᠢᠪᠡ᠃ 206 ᠬᠦᠳᠡᠭᠡ ᠲᠣᠰᠬᠤᠨ ᠮᠠᠯᠵᠢᠬᠤ ᠣᠷᠣᠨ ᠤ ᠨᠠᠮ ᠤᠨ ᠵᠣᠬᠢᠶᠠᠨ ᠪᠠᠶᠢᠭᠤᠯᠤᠯᠲᠠ | ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠵᠦ᠂ 6000 ᠭᠠᠷᠤᠢ | ᠬᠦᠮᠦᠰ ᠣᠷᠣᠯᠴᠠᠵᠤ᠂ ᠠᠶᠢᠯ ᠲᠣᠰᠬᠤᠨ ᠤ 2000 ᠭᠠᠷᠤᠢ ᠲᠣᠨ ᠦᠢᠯᠡᠳᠪᠦᠷᠢᠯᠡᠯ ᠠᠮᠢᠳᠤᠷᠠᠯ ᠤᠨ ᠬᠤᠭ | ᠨᠣᠪᠰᠢ ᠶᠢ ᠴᠡᠪᠡᠷᠯᠡᠨ ᠠᠷᠢᠯᠭᠠᠵᠤ᠂ ᠣᠯᠠᠨ ᠲᠦᠮᠡᠨ ᠤ ᠣᠷᠣᠰᠢᠨ ᠰᠠᠭᠤᠬᠤ ᠣᠷᠴᠢᠨ ᠲᠣᠭᠤᠷᠢᠨ ᠤ ︽ᠶᠠᠰᠤ | ᠴᠢᠨᠠᠷ︾ ᠢ ᠳᠡᠭᠡᠭᠰᠢᠯᠡᠭᠦᠯᠪᠡ᠃ |