ᠠᠷᠤ ᠬᠥᠨᠳᠡᠯᠡᠨ ᠪᠠᠯᠭᠠᠰᠤ ᠪᠷᠦ᠋ᠼᠧᠯ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/5/7
   5 ᠰᠠᠷ᠎ᠠ ᠶᠢᠨ 5 ᠤ ᠡᠳᠦᠷ᠂ ᠠᠷᠤ ᠬᠥᠨᠳᠡᠯᠡᠨ ᠪᠠᠯᠭᠠᠰᠤᠨ ᠤ ᠬᠢᠨ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠮᠠᠯ ᠡᠮᠨᠡᠯᠭᠡ ᠶᠢᠨ ᠥᠷᠲᠡᠭᠡᠨ ᠤ ᠮᠡᠷᠭᠡᠵᠢᠯ ᠤᠨ ᠠᠵᠢᠯᠲᠠᠳ ᠮᠠᠯᠴᠢᠨ ᠲᠠᠷᠢᠶᠠᠴᠢᠨ ᠳᠤ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠪᠷᠦ᠋ᠼᠧᠯ ᠡᠪᠡᠳᠴᠢᠨ ᠤ ᠬᠠᠯᠳᠠᠪᠤᠷᠢᠯᠠᠬᠤ ᠡᠬᠢ᠂ ᠬᠠᠯᠳᠠᠪᠤᠷᠢᠯᠠᠬᠤ ᠠᠷᠭ᠎ᠠ ᠵᠠᠮ᠂ ᠪᠷᠦ᠋ᠼᠧᠯ ᠡᠪᠡᠳᠴᠢᠨ ᠢ ᠬᠡᠷᠬᠢᠨ ᠰᠡᠷᠭᠡᠶᠢᠯᠡᠬᠦ ᠵᠢᠴᠢ ᠪᠷᠦ᠋ᠼᠧᠯ ᠡᠪᠡᠳᠴᠢᠨ ᠢ ᠣᠨᠣᠰᠢᠯᠠᠨ ᠵᠠᠰᠠᠬᠤ ᠵᠡᠷᠭᠡ ᠲᠠᠯ᠎ᠠ ᠪᠠᠷ ᠲᠣᠰ ᠲᠣᠰ ᠨᠠᠷᠢᠨ ᠲᠠᠶᠢᠯᠤᠮᠵᠢ ᠬᠢᠬᠦ ᠶᠢᠨ ᠬᠠᠮᠲᠤ ᠭᠠᠴᠠᠭ᠎ᠠ ᠲᠣᠰᠬᠤᠨ ᠤ ᠢᠯᠡ ᠭᠠᠵᠠᠷ ᠲᠤ ᠬᠦᠨᠳᠡᠯᠡᠨ ᠪᠢᠴᠢᠭᠡᠰᠦ ᠡᠯᠭᠦᠵᠦ᠂ ᠪᠷᠦ᠋ᠼᠧᠯ ᠡᠪᠡᠳᠴᠢᠨ ᠵᠡᠷᠭᠡ ᠬᠥᠮᠥᠨ ᠮᠠᠯ ᠳᠤ ᠴᠦᠮ ᠬᠠᠯᠳᠠᠪᠣᠷᠢᠯᠠᠬᠤ ᠡᠪᠡᠳᠴᠢᠨ ᠤ ᠬᠦᠨᠳᠦ ᠨᠣᠴᠢᠲᠠᠢ ᠴᠢᠨᠠᠷ ᠪᠠ ᠬᠤᠣᠷ ᠬᠥᠨᠥᠭᠡᠯᠳᠦ ᠴᠢᠨᠠᠷ ᠤᠨ ᠲᠤᠬᠠᠢ ᠣᠯᠠᠨ ᠲᠦᠮᠡᠨ ᠤ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠲᠦᠮᠡᠨ ᠤ ᠡᠨᠡ ᠡᠪᠡᠳᠴᠢᠨ ᠢ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号