ᠪᠦᠦ ᠸᠧᠨ ᠯᠠᠨ ᠪᠠᠶᠠᠨᠲᠠᠯ᠎ᠠ ᠰᠤᠮᠤ ᠳᠤ ᠬᠦᠷᠴᠤ ᠬᠠᠷᠢᠶ᠎ᠠ ᠣᠷᠣᠨ ᠤ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/5/7
   5 ᠰᠠᠷ᠎ᠠ ᠶᠢᠨ 6 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠪᠠᠶᠠᠨᠲᠠᠯ᠎ᠠ ᠰᠤᠮᠤ ᠳᠤ ᠬᠦᠷᠴᠤ ᠬᠠᠷᠢᠶ᠎ᠠ ᠣᠷᠣᠨ ᠤ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠮᠠᠨᠳᠤᠯ᠎ᠠ᠂ ᠳᠡᠳ᠋ ᠡᠷᠬᠢᠯᠡᠭᠴᠢ ᠸᠠᠩ ᠲᠢᠶᠠᠨ  ᠹᠦ᠋᠂ ᠬᠤᠰᠢᠭᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ ᠶᠢᠨ ᠳᠠᠷᠤᠭ᠎ᠠ ᠲᠠᠢ ᠰᠢᠤᠸᠠᠢ ᠰᠢᠶᠠ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠵᠠᠷᠤᠳ ᠬᠤᠰᠢᠭᠤᠨ ᠤ ᠬᠤᠪᠢᠶᠠᠷᠢ ᠲᠣᠪᠴᠢᠶ᠎ᠠ ᠶᠢᠨ ᠳᠡᠳ᠋ ᠳᠠᠷᠤᠭ᠎ᠠ ᠢᠦᠢ ᠬᠠᠢ ᠯᠦᠩ᠂ ᠰᠤᠮᠤ ᠶᠢᠨ ᠨᠠᠮ ᠤᠨ ᠬᠤᠷᠢᠶ᠎ᠠ ᠶᠢᠨ ᠱᠦᠵᠢ ᠵᠣᠣ ᠴᠧᠩ ᠶᠠᠨ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃
   ᠪᠦᠦ ᠸᠧᠨ ᠯᠠᠨ ᠬᠠᠮᠳᠤ ᠶᠠᠪᠤᠭᠰᠠᠳ ᠲᠠᠢ ᠪᠠᠨ ᠤᠷᠢᠳ ᠬᠤᠵᠢᠳ ᠮᠧᠩ ᠳ᠋ᠦᠩ ᠬᠠᠳᠠᠭᠤ ᠪᠡᠶᠡᠳᠤ ᠬᠠᠶᠠᠭᠳᠠᠮᠠᠯ ᠪᠣᠳᠠᠰ ᠢ ᠰᠢᠢᠳᠪᠤᠷᠢᠯᠡᠬᠦ ᠲᠦᠪ᠂ ᠲᠠᠢ ᠫᠢᠩ ᠱᠠᠨ ᠠᠭᠤᠷᠬᠠᠢ ᠶᠢᠨ ᠦᠢᠯᠡᠰ ᠲᠤ ᠬᠦᠷᠴᠤ ᠦᠢᠯᠡᠳᠪᠦᠷᠢ ᠶᠢᠨ ᠲᠠᠰᠤᠭ ᠲᠤ ᠤᠷᠤᠵᠦ᠂ ᠬᠠᠷᠢᠭᠤ ᠮᠡᠳᠡᠭᠦᠯᠦᠯᠲᠡ ᠰᠣᠨᠣᠰᠴᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠣᠳᠣᠬᠠᠨ ᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠪᠣᠯᠣᠨ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠶᠢ ᠣᠶᠢᠯᠠᠭᠠᠭᠰᠠᠨ ᠪᠥᠭᠡᠳ ᠣᠷᠣᠰᠢᠵᠤ ᠪᠠᠶᠢᠭ᠎ᠠ ᠠᠰᠠᠭᠤᠳᠠᠯ ᠪᠣᠯᠣᠨ ᠬᠦᠴᠢᠷᠳᠡᠯ ᠳᠤ ᠴᠢᠭᠯᠡᠭᠦᠯᠦᠨ ᠵᠢᠯᠤᠭᠤᠳᠬᠤ ᠴᠢᠨᠠᠷᠲᠠᠢ ᠰᠠᠨᠠᠯ ᠰᠠᠨᠠᠭᠤᠯᠭ᠎ᠠ ᠲᠤᠷᠠᠳᠪᠠ᠃
   ᠪᠦᠦ ᠸᠧᠨ ᠯᠠᠨ ᠠᠴᠠ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠮᠤᠷ ᠲᠦᠪᠰᠢᠨ ᠢ ᠪᠠᠳᠤᠯᠠᠬᠤ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠡᠯ᠎ᠡ ᠱᠠᠲᠤᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠭᠡᠮ ᠰᠣᠭᠤᠭ ᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠺᠠᠳ᠋ᠷ ᠠᠵᠢᠯᠲᠠᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ ᠬᠡᠷᠡᠭᠲᠡᠢ︔ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠲᠥᠬᠦᠭᠡᠷᠦᠮᠵᠢ ᠶᠢᠨ ᠬᠡᠪ ᠤᠨ ᠠᠵᠢᠯᠯᠠᠭ᠎ᠠ ᠶᠢ ᠦᠨᠡᠨ ᠬᠦ ᠪᠠᠲᠤᠯᠠᠵᠤ᠂ ᠡᠯ᠎ᠡ ᠵᠦᠢᠯ ᠤᠨ ᠪᠠᠶᠢᠴᠠᠭᠠᠨ ᠰᠢᠯᠭᠠᠬᠤ ᠭᠦᠢᠴᠡᠳᠬᠡᠬᠦ ᠲᠤᠭ᠎ᠠ ᠶᠢ ᠴᠥᠮ ᠪᠠᠷᠢᠮᠵᠢᠶ᠎ᠠ ᠳᠤ ᠬᠦᠷᠭᠡᠵᠦ᠂ ᠠᠵᠤ ᠠᠬᠤᠶᠢᠯᠠᠯ ᠤᠨ ᠰᠠᠶᠢᠨ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ︔ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠲᠦᠪᠡᠭᠲᠡᠢ ᠠᠰᠠᠭᠤᠳᠠᠯ ᠳᠤ ᠴᠢᠭᠯᠡᠭᠦᠯᠦᠨ᠂ ᠬᠠᠮᠲᠤᠪᠠᠷ ᠰᠤᠳᠤᠯᠤᠨ ᠶᠠᠷᠢᠯᠴᠠᠵᠤ᠂ ᠢᠳᠡᠪᠬᠢᠲᠡᠢ ᠪᠠᠷ ᠰᠢᠢᠳᠪᠦᠷᠢᠯᠡᠵᠦ᠂ ᠠᠵᠤ ᠠᠬᠤᠶᠢᠯᠠᠯ ᠢ ᠬᠠᠯᠠᠮᠵᠢᠯᠠᠨ ᠬᠠᠶᠢᠷᠠᠯᠠᠬᠤ ᠪᠠᠨ ᠴᠢᠩᠭᠠᠳᠬᠠᠵᠤ᠂ ᠬᠠᠤᠯᠢ ᠲᠣᠭᠲᠠᠭᠠᠯ ᠳᠤ ᠨᠡᠶᠢᠴᠡᠭᠰᠡᠨ ᠠᠵᠤ ᠠᠬᠤᠶᠢᠯᠠᠯ ᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号