ᠵᠠᠷᠤᠳ ᠬᠤᠰᠢᠭᠤ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2022/5/7
       
   5 ᠰᠠᠷ᠎ᠠ ᠶᠢᠨ 5 ᠤ ᠡᠳᠦᠷ᠂ ᠵᠠᠷᠤᠳ ᠬᠤᠰᠢᠭᠤ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠪᠡ᠃ ᠬᠤᠰᠢᠭᠤᠨ ᠤ ᠤᠳᠤᠷᠢᠳᠤᠯᠭ᠎ᠠ ᠭᠦᠸᠧ ᠮᠢᠩ ᠴᠢᠶᠦ᠋ᠨ᠂ ᠯᠢᠦ ᠶᠣᠣ᠂ ᠯᠢᠦ ᠰᠢ ᠯᠢᠨ᠂ ᠪᠠᠢ ᠶᠠᠨ ᠰᠢᠤᠸᠠᠢ᠂ ᠶᠣᠣ ᠼᠠᠢ ᠶᠠᠨ᠂ ᠰᠦᠸᠧ ᠮᠢᠩ ᠢᠦᠢ᠂ ᠳ᠋ᠦᠩ ᠭᠤᠸᠠᠩ ᠢᠦᠢ᠂ ᠭᠦᠸᠧ ᠶᠠ ᠹᠧᠩ ᠬᠤᠷᠠᠯ ᠳᠤ  ᠣᠷᠣᠯᠴᠠᠪᠠ᠃ ᠬᠤᠰᠢᠭᠤᠨ ᠤ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠤᠳᠤᠷᠢᠳᠤᠯᠭ᠎ᠠ ᠵᠢᠴᠢ ᠠᠯᠪᠠᠨ ᠭᠡᠷ ᠤᠨ ᠭᠡᠰᠢᠭᠦᠨ᠂ ᠬᠤᠰᠢᠭᠤᠨ ᠤ ᠠᠷᠢᠭᠤᠨ ᠴᠢᠬᠡᠴᠢ ᠰᠣᠶᠣᠯ ᠶᠢ ︽ᠳᠣᠯᠤᠭ᠎ᠠ  ᠳᠤ ᠣᠷᠣᠬᠤ︾ ᠠᠵᠢᠯ ᠢ ᠠᠬᠢᠭᠤᠯᠬᠤ ᠳᠤᠭᠤᠶᠢᠯᠠᠩ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
   ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠭᠦᠸᠧ ᠮᠢᠩ ᠴᠢᠶᠦ᠋ᠨ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠠᠵᠢᠯ ᠤᠨ ᠪᠥᠬᠦ ᠬᠤᠰᠢᠭᠤᠨ ᠤ ᠤᠯᠤᠰ ᠲᠥᠷᠥ ᠶᠢᠨ ᠠᠮᠢ ᠠᠬᠤᠢ ᠶᠢ ᠰᠡᠷᠭᠦᠭᠡᠬᠦ ᠳᠤ ᠦᠵᠡᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠠᠷᠢᠭᠤᠨ ᠴᠢᠬᠡᠴᠢ ᠰᠣᠶᠣᠯ ᠤᠨ ᠤᠳᠤᠷᠢᠳᠤᠮᠵᠢ᠂ ᠦᠢᠯᠡᠳᠦᠯᠭᠡ ᠪᠠ ᠨᠢᠭᠲᠠᠷᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠪᠠ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠢ ᠳᠡᠭᠡᠭᠰᠢᠯᠡᠭᠦᠯᠵᠦ᠂ ᠢᠲᠡᠭᠡᠯ ᠵᠣᠷᠢᠭ ᠤᠨ ︽ᠶᠡᠷᠦᠩᠬᠡᠢ ᠨᠡᠭᠡᠭᠡᠯᠭᠡ︾ ᠶᠢ ᠴᠢᠩᠭ᠎ᠠ ᠮᠤᠰᠬᠢᠨ᠂ ᠠᠷᠢᠭᠤᠨ ᠴᠢᠬᠡᠴᠢ ᠰᠣᠶᠣᠯ ᠤᠨ ᠰᠢᠮ᠎ᠡ ᠲᠡᠵᠢᠭᠡᠯ ᠤᠨ ᠳᠤᠮᠳᠠ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠥᠷᠥ ᠶᠢᠨ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠠᠬᠢᠭᠤᠯᠬᠤ ᠳᠤᠭᠤᠶᠢᠯᠠᠩ ᠪᠣᠯᠣᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠶᠢᠨ ᠨᠠᠷᠢᠨ ᠲᠠᠩᠰᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠵᠤᠷᠪᠤᠰ ᠳᠠᠷᠠᠭᠠᠯᠠᠨ ᠨᠠᠶᠢᠲᠠᠪᠣᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ︽ᠬᠤᠶᠠᠷ ᠣᠶᠢᠯᠠᠭᠠᠭᠳᠠᠬᠤᠨ︾ ᠢ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠣᠭᠲᠠᠭᠰᠠᠨ ᠬᠤᠭᠤᠴᠠᠭ᠎ᠠ ᠳᠤ ᠰᠤᠳᠤᠯᠤᠨ ᠮᠠᠭᠠᠳᠯᠠᠵᠤ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ ᠢᠶᠠᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠡᠷᠡᠭᠲᠡᠢ᠃ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠠᠵᠢᠯ ᠢ ᠡᠳᠦᠷ ᠳᠤᠳᠤᠮ ᠤᠨ ᠪᠣᠰᠣᠳ ᠠᠵᠢᠯ ᠲᠠᠢ ᠪᠠᠨ ᠤᠶᠠᠯᠳᠤᠭᠤᠯᠵᠤ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠨᠠᠮ ᠤᠨ ᠭᠡᠰᠢᠭᠦᠨ ᠺᠠᠳ᠋ᠷᠴᠤᠳ ᠤᠨ ᠡᠳᠦᠷ ᠳᠤᠳᠤᠮ ᠤᠨ ᠬᠥᠮᠦᠵᠢᠯ ᠬᠠᠮᠢᠶᠠᠷᠤᠯᠲᠠ ᠬᠢᠨᠠᠯᠲᠠ ᠳᠤ ᠢᠮᠠᠭᠲᠠ ᠲᠤᠤᠱᠯᠠᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ᠃ ᠵᠣᠬᠢᠴᠠᠭᠤᠯᠬᠤ ᠲᠣᠭᠲᠠᠴᠠ ᠶᠢ ᠪᠠᠷᠢᠮᠲᠠᠯᠠᠨ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠢᠶᠠᠷ ᠲᠦᠷᠦᠭᠦᠯᠡᠭᠦᠯᠦᠨ᠂ ᠡᠯ᠎ᠡ ᠳᠤᠭᠤᠶᠢᠯᠠᠩ ᠤᠨ ᠠᠵᠢᠯ ᠢ ᠵᠣᠬᠢᠴᠠᠭᠤᠯᠤᠨ ᠲᠣᠬᠢᠷᠠᠭᠤᠯᠵᠤ᠂ ᠡᠯ᠎ᠡ ᠳᠤᠭᠤᠶᠢᠯᠠᠩ ᠤᠨ  ᠬᠢᠨ ᠰᠠᠷ᠎ᠠ ᠪᠠᠷ  ᠲᠣᠬᠢᠷᠠᠭᠤᠯᠣᠯᠲᠠ ᠬᠢᠵᠦ᠂ ᠠᠵᠢᠯ ᠤᠨ ᠪᠠᠶᠢᠳᠠᠯ ᠢᠶᠠᠨ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠬᠡᠷᠡᠭᠲᠡᠢ᠃ ᠬᠢᠨᠠᠨ ᠵᠢᠯᠤᠭᠤᠳᠬᠤ ᠲᠣᠭᠲᠠᠴᠠ ᠶᠢ ᠪᠠᠷᠢᠮᠲᠠᠯᠠᠨ᠂ ᠠᠬᠢᠴᠠ ᠶᠢ ᠡᠵᠡᠮᠰᠢᠭᠰᠡᠨ ᠰᠠᠭᠤᠷᠢᠨ ᠳᠡᠭᠡᠷ᠎ᠡ᠂ ᠬᠤᠴᠣᠷᠴᠤ ᠪᠠᠶᠢᠭ᠎ᠠ ᠨᠢᠭᠡᠴᠡ ᠪᠣᠯᠣᠨ ᠰᠠᠯᠠᠭ᠎ᠠ ᠮᠥᠴᠢᠷ ᠢ ᠭᠤᠣᠯᠳᠠᠯᠭ᠎ᠠ ᠲᠠᠢ ᠱᠠᠭᠠᠷᠳᠠᠨ ᠭᠦᠢᠴᠡᠳᠭᠡᠯᠭᠡᠵᠦ᠂ ᠴᠢᠬᠤᠯᠠ ᠲᠠᠢ ᠦᠶ᠎ᠡ ᠳᠤ ᠪᠢᠴᠢᠭ ᠮᠠᠲ᠋ᠧᠷᠢᠶᠠᠯ ᠪᠠᠭᠤᠯᠭᠠᠵᠤ ᠱᠠᠭᠠᠷᠳᠠᠨ ᠭᠦᠢᠴᠡᠳᠭᠡᠯᠭᠡᠬᠦ ᠬᠡᠷᠡᠭᠲᠡᠢ᠃ ᠰᠢᠯᠢᠳᠡᠭ ᠬᠦᠴᠦᠨ ᠢ ᠲᠠᠲᠠᠵᠤ ᠲᠣᠮᠢᠯᠠᠨ᠂ ᠲᠤᠰᠬᠠᠢ ᠬᠥᠮᠥᠨ ᠲᠤᠰᠬᠠᠢ ᠠᠩᠭᠢ ᠪᠠᠶᠢᠭᠤᠯᠵᠤ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠠᠵᠢᠯᠲᠠᠨ ᠤ ᠪᠠᠲᠤᠯᠠᠭ᠎ᠠ ᠪᠠ ᠵᠠᠷᠤᠳᠠᠯ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠬᠠᠮᠰᠠᠷ ᠠᠴᠠ ᠪᠠᠨ ᠭᠤᠣᠯ ᠬᠠᠷᠢᠭᠤᠴᠠᠯᠭ᠎ᠠ ᠶᠢ ᠡᠭᠦᠷᠭᠡᠯᠡᠵᠦ᠂ ᠭᠤᠣᠯ ᠠᠵᠢᠯ ᠢ ᠰᠠᠶᠢᠲᠤᠷ ᠠᠳᠬᠤᠵᠤ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ ᠪᠣᠲᠠᠲᠠᠶᠢᠵᠢᠬᠤ ᠶᠢ ᠠᠬᠢᠭᠤᠯᠬᠤ ᠬᠡᠷᠡᠭᠲᠡᠢ᠃ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠦᠨᠡᠨ ᠬᠦ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠪᠠᠶᠢᠭᠤᠯᠤᠯᠲᠠ ᠶᠢᠨ ᠨᠢᠭᠡᠨ ᠴᠢᠬᠤᠯᠠ ᠠᠵᠢᠯ ᠤᠨ ᠠᠭᠤᠯᠭ᠎ᠠ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠶᠡᠷᠦᠩᠬᠡᠢ ᠲᠣᠬᠢᠷᠠᠭᠤᠯᠤᠯᠲᠠ ᠳᠤ ᠣᠷᠣᠭᠤᠯᠵᠤ᠂ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠲᠣᠬᠢᠷᠠᠭᠤᠯᠬᠤ ᠳᠤ ᠲᠥᠯᠥᠪᠯᠡᠭᠡ ᠲᠠᠢ᠂   ᠨᠠᠶᠢᠲᠠᠪᠣᠷᠢᠵᠢᠭᠤᠯᠬᠤ ᠳᠤ ᠪᠠᠲᠤᠯᠠᠭ᠎ᠠ ᠲᠠᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃
   ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠰᠢ ᠯᠢᠨ  ᠵᠢᠭᠠᠪᠣᠷᠢᠯᠠᠭᠰᠠᠨ ᠨᠢ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠵᠢᠯ ᠤᠨ ᠰᠤᠳᠤᠯᠭᠠᠨ ᠢᠶᠠᠨ ᠭᠦᠨᠵᠡᠭᠡᠶᠢᠷᠡᠭᠦᠯᠦᠨ᠂ ᠰᠡᠳᠬᠢᠴᠡ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠬᠤ ᠬᠡᠷᠡᠭᠲᠡᠢ᠃ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠵᠦ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠬᠤᠯᠠ ᠪᠠᠶᠢᠷᠢᠨ ᠳᠤ ᠲᠠᠯᠪᠢᠵᠤ᠂ ᠴᠢᠩᠭ᠎ᠠ ᠠᠳᠬᠤᠵᠤ ᠰᠠᠶᠢᠲᠤᠷ ᠠᠳᠬᠤᠵᠤ᠂ ᠪᠣᠲᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨᠴᠢ ᠠᠷᠭ᠎ᠠ ᠬᠡᠮᠵᠢᠶ᠎ᠡ ᠰᠦᠪᠡᠭᠴᠢᠯᠡᠵᠦ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠨᠠᠷᠢᠨ ᠨᠢᠮᠪᠠᠢ ᠲᠣᠬᠢᠷᠠᠭᠤᠯᠵᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠵᠢᠷᠤᠭ ᠲᠦᠰᠦᠯ ᠢᠶᠠᠷ ᠠᠵᠢᠯᠯᠠᠵᠤ᠂ ᠰᠤᠷᠭᠠᠨ ᠬᠥᠮᠦᠵᠢᠯ᠂ ᠤᠬᠠᠭᠤᠯᠭ᠎ᠠ᠂ ᠰᠣᠶᠣᠯ᠂ ᠵᠢᠭᠰᠠᠭᠠᠯ ᠤᠨ ᠭᠠᠵᠠᠷ᠂ ᠠᠴᠢᠶᠠᠯᠠᠪᠤᠷᠢ᠂ ᠣᠷᠴᠢᠨ ᠲᠣᠭᠤᠷᠢᠨ ᠤ ︽ᠵᠢᠷᠭᠤᠭ᠎ᠠ ᠶᠢ ᠨᠢᠭᠡ ᠴᠣᠭᠴᠠᠵᠢᠭᠤᠯᠬᠤ︾ ᠶᠢ ᠬᠠᠮᠵᠢᠯᠴᠠᠨ ᠬᠦᠴᠦᠯᠡᠵᠦ᠂ ᠠᠷᠢᠭᠤᠨ ᠴᠢᠬᠡᠴᠢ ᠰᠣᠶᠣᠯ ᠢ ︽ᠳᠤᠯᠤᠭ᠎ᠠ ᠳᠤ ᠣᠷᠣᠬᠤ︾ ᠠᠵᠢᠯ ᠢ ᠬᠤᠯᠪᠤᠭᠠᠯᠠᠨ ᠠᠬᠢᠭᠤᠯᠬᠤ ᠬᠡᠷᠡᠭᠲᠡᠢ᠃ ᠬᠢᠯᠠᠰ ᠴᠡᠭ ᠢ ᠪᠣᠶᠢᠵᠢᠭᠤᠯᠬᠤ ᠠᠵᠢᠯ ᠢ ᠴᠢᠬᠤᠯᠠᠴᠢᠯᠠᠵᠤ᠂ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ᠨᠡᠶᠢᠲᠡᠯᠢᠭ ᠵᠢᠱᠢᠶ᠎ᠡ ᠶᠢ ᠪᠣᠶᠢᠵᠢᠭᠤᠯᠬᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠴᠦ᠂ ᠲᠤᠰ ᠭᠠᠵᠠᠷ ᠤᠨ ᠡᠬᠢ ᠪᠠᠶᠠᠯᠢᠭ ᠢᠶᠠᠨ ᠠᠭᠤᠳᠠᠯᠵᠤ᠂ ᠬᠢᠯᠠᠰ ᠴᠡᠭ ᠢ ᠡᠭᠦᠳᠴᠦ᠂ ᠲᠤᠷᠰᠢᠯᠲᠠ ᠶᠢᠨ ᠴᠡᠭ ᠢ ᠪᠣᠶᠢᠵᠢᠭᠤᠯᠵᠤ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠬᠤ ᠬᠡᠷᠡᠭᠲᠡᠢ ᠭᠡᠪᠡ᠃
   ᠬᠤᠷᠠᠯ   ᠠᠴᠠ ︽2022 ᠣᠨ ᠤ ᠪᠥᠬᠦ ᠬᠤᠰᠢᠭᠤᠨ ᠤ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾ ︵ᠰᠠᠨᠠᠯ ᠬᠤᠷᠢᠶᠠᠬᠤ ᠨᠣᠣᠷᠠᠭ︶ ᠶᠢ ᠰᠤᠳᠤᠯᠤᠨ ᠶᠠᠷᠢᠯᠴᠠᠪᠠ︔ ᠠᠷᠢᠭᠤᠨ ᠴᠢᠬᠡᠴᠢ ᠰᠣᠶᠣᠯ ᠤᠨ ︽ᠳᠤᠯᠤᠭ᠎ᠠ ᠳᠤ ᠣᠷᠣᠭᠤᠯᠬᠤ︾ ᠠᠵᠢᠯ ᠢ ᠠᠬᠢᠭᠤᠯᠬᠤ ᠳᠤᠭᠤᠶᠢᠯᠠᠩ ᠤᠨ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号