ᠬᠤᠩᠬᠠᠳᠤ ᠠᠭᠤᠯᠠ ᠪᠠᠯᠭᠠᠰᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠦᠳᠡᠯᠤᠩᠭᠦᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠵᠢᠴᠢ ᠪᠣᠯᠪᠠᠰᠤᠷᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2022/5/9
      5 ᠰᠠᠷ᠎ᠠ ᠶᠢᠨ 7  ᠤ ᠡᠳᠦᠷ᠂ ᠬᠤᠩᠬᠠᠳᠤ ᠠᠭᠤᠯᠠ ᠪᠠᠯᠭᠠᠰᠤ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠦᠳᠡᠯᠤᠩᠭᠦᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠵᠢᠴᠢ ᠪᠣᠯᠪᠠᠰᠤᠷᠠᠯ ᠤᠨ ᠬᠤᠷᠠᠯ ᠬᠢᠪᠡ᠃ ᠬᠤᠷᠠᠯ   ᠠᠴᠠ ᠱᠠᠭᠠᠷᠳᠠᠭᠰᠠᠨ ᠨᠢ᠂ ᠡᠯ᠎ᠡ ᠲᠤᠤᠷ ᠤᠨ ᠠᠵᠢᠯᠲᠠᠨ ᠵᠢᠭᠰᠠᠭᠠᠨ ᠪᠠᠶᠢᠴᠠᠭᠠᠬᠤ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠲᠠᠭᠯᠠᠨ ᠮᠡᠳᠡᠭᠦᠯᠬᠦ ᠶᠢ ᠵᠢᠷᠤᠮᠵᠢᠭᠤᠯᠤᠨ᠂ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨ ᠬᠦ ᠪᠠᠲᠤᠯᠠᠵᠤ᠂ ︽ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ︾ ᠪᠠᠶᠢᠬᠤ ᠬᠡᠷᠡᠭᠲᠡᠢ᠃ ᠡᠯ᠎ᠡ ᠨᠡᠶᠢᠭᠡᠮ ᠲᠣᠭᠤᠷᠢᠭ ᠤᠨ ᠬᠢᠨ ᠵᠢᠭᠰᠠᠭᠠᠨ ᠪᠠᠶᠢᠴᠠᠭᠠᠬᠤ ᠴᠠᠭ ᠢᠶᠠᠨ ᠨᠢᠭᠡᠳᠦᠯᠲᠡᠢ ᠲᠥᠯᠥᠪᠵᠢᠭᠦᠯᠵᠦ᠂ ᠲᠣᠭᠲᠠᠭᠰᠠᠨ ᠴᠠᠭ ᠤᠨ ᠳᠣᠲᠣᠷ᠎ᠠ ᠣᠶᠢᠯᠠᠭᠠᠵᠤ ᠵᠢᠭᠰᠠᠭᠠᠬᠤ ᠠᠵᠢᠯ ᠢᠶᠠᠨ ᠪᠡᠶᠡᠯᠡᠭᠦᠯᠬᠦ ᠶᠢᠨ ᠬᠠᠮᠲᠤ ᠮᠡᠳᠡᠭᠡ ᠵᠠᠩᠭᠢ ᠪᠠᠨ ᠬᠤᠷᠢᠶᠠᠩᠭᠤᠶᠢᠯᠠᠨ ᠳᠡᠭᠡᠭᠰᠢ ᠮᠡᠳᠡᠭᠦᠯᠬᠦ ᠬᠡᠷᠡᠭᠳᠠᠢ᠂ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠨ᠂ ᠭᠦᠢᠴᠡᠳᠬᠡᠬᠦ ᠲᠤᠭ᠎ᠠ ᠶᠢ ᠣᠶᠢᠯᠠᠭᠠᠵᠤ᠂ ᠴᠠᠯᠠᠭᠠᠶᠢᠷᠠᠬᠤ ᠰᠡᠳᠬᠢᠯᠭᠡ ᠪᠠ ᠠᠵᠠ ᠬᠠᠷᠠᠬᠤ ᠰᠡᠳᠬᠢᠴᠡ ᠶᠢ ᠡᠷᠡᠰ ᠲᠡᠪᠴᠢᠵᠦ᠂ ᠲᠤᠳᠤᠯᠠᠪᠠᠯ ᠵᠣᠬᠢᠬᠤ ᠬᠦᠮᠤᠰ ᠪᠦᠬᠦᠨ ᠢ ᠲᠤᠳᠤᠯᠠᠵᠦ᠂ ᠤᠷᠤᠭᠤᠯᠪᠠᠯ ᠵᠣᠬᠢᠬᠤ ᠬᠦᠮᠤᠰ ᠪᠦᠬᠦᠨ ᠢ ᠤᠷᠤᠭᠤᠯᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号