5 ᠰᠠᠷ᠎ᠠ ᠶᠢᠨ 7 ᠤ ᠡᠳᠦᠷ᠂ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ | ᠲᠣᠪᠴᠢᠶ᠎ᠠ ᠬᠢᠨ ᠬᠠᠷᠠᠭᠠᠯᠵᠠᠯ ᠤᠨ ᠦᠨᠡᠮᠯᠡᠯ ᠭᠤᠶᠤᠴᠢᠯᠠᠨ ᠠᠪᠬᠤ ᠠᠵᠢᠯ ᠤᠨ ᠬᠠᠮᠲᠤᠷᠠᠯᠴᠠᠭᠠᠨ ᠤ ᠪᠠᠩᠬᠢ ᠲᠠᠢ | ᠰᠠᠭᠤᠳᠠᠯ ᠤᠨ ᠬᠤᠷᠠᠯ ᠬᠢᠪᠡ᠃ ᠬᠤᠷᠠᠯ ᠠᠴᠠ᠂ ᠴᠡᠷᠢᠭ ᠠᠴᠠ ᠬᠠᠯᠠᠭᠳᠠᠭᠰᠠᠳ ᠪᠠ ᠪᠤᠰᠤᠳ ᠬᠠᠷᠠᠭᠠᠯᠵᠠᠯ | ᠦᠵᠡᠭᠦᠯᠬᠦ ᠡᠲᠡᠭᠡᠳ ᠲᠤ ᠬᠠᠷᠠᠭᠠᠯᠵᠠᠯ ᠤᠨ ᠦᠨᠡᠮᠯᠡᠯ ᠣᠯᠭᠤᠬᠤ ᠪᠣᠯ ᠰᠢ ᠶᠢᠨ ᠫᠢᠩ ᠶᠡᠷᠦᠩᠬᠡᠢ ᠱᠦᠵᠢ ᠶᠢᠨ | ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠣᠨ᠎ᠠ᠂ ᠡᠨᠡ ᠨᠢ ᠴᠡᠷᠢᠭ ᠤᠨ ᠢᠷᠠᠭᠤ ᠠᠯᠳᠠᠷ ᠤᠨ | ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠪᠦᠬᠦ ᠨᠡᠶᠢᠭᠡᠮ ᠤᠨ ︽ᠴᠡᠷᠢᠭ ᠢ ᠬᠦᠨᠳᠦᠳᠬᠡᠵᠦ᠂ ᠴᠡᠷᠢᠭ ᠠᠴᠠ | ᠬᠠᠯᠠᠭᠳᠠᠭᠰᠠᠳ ᠢ ᠬᠦᠨᠳᠦᠳᠬᠡᠬᠦ︾ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠳᠤ ᠠᠰᠢᠭᠲᠠᠢ ᠶᠤᠮ᠃ | ᠬᠠᠮᠲᠤᠷᠠᠯᠴᠠᠭᠠᠨ ᠤ ᠪᠠᠩᠬᠢ ᠨᠢ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠣᠲᠣ ᠶᠢᠨ ᠪᠠᠶᠢᠭ᠎ᠠ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠡᠬᠢ ᠪᠠᠶᠠᠯᠢᠭ ᠢᠶᠠᠨ ᠭᠦᠢᠴᠡᠳ ᠰᠠᠶᠢᠲᠤᠷ ᠬᠡᠷᠡᠭᠯᠡᠵᠦ᠂ | ᠬᠠᠷᠠᠭᠠᠯᠵᠠᠯ ᠤᠨ ᠦᠨᠡᠮᠯᠡᠯ ᠭᠤᠶᠤᠴᠢᠯᠠᠨ ᠠᠪᠬᠤ ᠵᠢᠴᠢ ᠲᠠᠷᠠᠭᠠᠴᠢ ᠶᠢᠨ ᠦᠢᠯᠡᠴᠢᠯᠡᠭᠡ ᠵᠡᠷᠭᠡ ᠠᠵᠢᠯ ᠢ ᠬᠠᠮᠲᠤᠪᠠᠷ | ᠬᠠᠮᠵᠢᠯᠴᠠᠨ ᠰᠠᠶᠢᠲᠤᠷ ᠬᠢᠬᠦ ᠬᠡᠷᠡᠭᠲᠡᠢ ᠭᠡᠵᠦ ᠵᠢᠭᠠᠪᠤᠷᠢᠯᠠᠪᠠ᠃ | | |