ᠵᠠᠷᠤᠳ ᠬᠤᠰᠢᠭᠤᠨ ᠤ ᠲᠤᠰᠬᠠᠢ ᠮᠡᠷᠭᠡᠵᠢᠯᠲᠡᠨ ᠴᠢᠳᠠᠪᠤᠷᠢᠲᠠᠨ ︽ᠮᠣᠷᠢᠨ ᠨᠢᠷᠤᠭᠤᠨ ᠳᠡᠭᠡᠷᠡᠬᠢ ᠨᠠᠮ ᠤᠨ ᠰᠤᠷᠭᠠᠭᠤᠯᠢ︾ ᠶᠢ ᠲᠦᠰᠢᠭᠯᠡᠨ ᠦᠨᠳᠦᠰᠦᠨ ᠱᠠᠲᠤᠨ ᠳᠤ ᠮᠡᠷᠭᠡᠵᠢᠯ ᠬᠦᠷᠭᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠪᠡ
ᠨᠡᠶᠢᠲᠡᠯᠡᠭᠰᠡᠨ ᠴᠠᠭ᠄
2022/5/9
       5 ᠰᠠᠷ᠎ᠠ ᠶᠢᠨ 7 ᠤ ᠡᠳᠦᠷ᠂ ᠵᠠᠷᠤᠳ ᠬᠤᠰᠢᠭᠤᠨ ᠤ ᠬᠢᠨ ︽ᠮᠣᠷᠢᠨ ᠨᠢᠷᠤᠭᠤᠨ ᠳᠡᠭᠡᠷᠡᠬᠢ ᠨᠠᠮ ᠤᠨ ᠰᠤᠷᠭᠠᠭᠤᠯᠢ︾ ᠶᠢᠨ ᠲᠠᠪᠴᠠᠩ ᠢ ᠲᠦᠰᠢᠭᠯᠡᠨ᠂ ᠲᠤᠰᠬᠠᠢ ᠮᠡᠷᠭᠡᠵᠢᠯᠲᠡᠨ ᠴᠢᠳᠠᠪᠤᠷᠢᠲᠠᠨ ᠢᠶᠠᠨ ᠵᠣᠬᠢᠶᠠᠨ ᠪᠠᠶᠢᠭᠤᠯᠵᠤ ᠭᠡᠷᠴᠢᠯᠠᠭᠤ ᠰᠤᠮᠤᠨ ᠳᠤ ᠬᠦᠷᠴᠤ᠂ ᠬᠤᠶᠠᠳᠤᠭᠠᠷ ᠬᠤᠭᠤᠴᠠᠭᠠᠨ ᠤ ︽ᠮᠣᠷᠢᠨ ᠨᠢᠷᠤᠭᠤᠨ ᠳᠡᠭᠡᠷᠡᠬᠢ ᠨᠠᠮ ᠤᠨ ᠰᠤᠷᠭᠠᠭᠤᠯᠢ ᠶᠢᠨ ᠦᠨᠳᠦᠰᠦᠨ ᠱᠠᠲᠤᠨ ᠳᠤ ᠮᠡᠷᠭᠡᠵᠢᠯ ᠬᠦᠷᠭᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ︾ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠲᠤᠰᠬᠠᠢ ᠮᠡᠷᠭᠡᠵᠢᠯᠲᠡᠨ ᠴᠢᠳᠠᠪᠤᠷᠢᠲᠠᠨ ᠲᠡᠵᠢᠭᠡᠪᠤᠷᠢ ᠶᠢᠨ ᠬᠤᠷᠰᠢᠶ᠎ᠠ᠂ ᠮᠠᠯ ᠤᠨ ᠲᠤᠪᠤ ᠳᠤ ᠭᠦᠨᠵᠡᠭᠡᠶᠢᠷᠡᠵᠦ᠂ ᠲᠡᠵᠢᠭᠡᠨ ᠦᠷᠡᠵᠢᠭᠦᠯᠬᠦ ᠮᠡᠷᠭᠡᠵᠢᠯ ᠵᠢᠭᠠᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠠᠢ ᠳᠤ ᠵᠢᠯᠣᠭᠤᠳᠤᠯᠭ᠎ᠠ ᠬᠢᠬᠦ ᠵᠡᠷᠭᠡ ᠠᠷᠭ᠎ᠠ ᠬᠡᠯᠪᠡᠷᠢ ᠪᠠᠷ ᠲᠠᠮᠵᠢᠭᠤᠯᠤᠨ ᠮᠠᠯᠴᠢᠨ ᠲᠦᠮᠡᠨ ᠳᠤ ᠨᠠᠮ ᠤᠨ ᠬᠠᠶᠢᠷ᠎ᠠ ᠬᠠᠯᠠᠮᠵᠢ ᠶᠢ ᠬᠦᠷᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠲᠤᠰᠬᠠᠢ ᠮᠡᠷᠭᠡᠵᠢᠯᠲᠡᠨ ᠴᠢᠳᠠᠪᠤᠷᠢᠲᠠᠨ ᠤ ᠮᠠᠯᠴᠢᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾  ᠢ ᠦᠨᠡᠨᠬᠦ ᠨᠡᠪᠳᠡᠷᠡᠭᠦᠯᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号