| ᠵᠠᠷᠤᠳ ᠬᠤᠰᠢᠭᠤᠨ ᠤ ᠬᠢᠨ ᠤᠯᠤᠰ ᠲᠥᠷᠥ ᠶᠢᠨ ᠬᠡᠪ ᠴᠢᠨᠠᠷ ᠢ ᠣᠨᠣᠪᠴᠢᠲᠠᠶ ᠪᠣᠳᠠᠲᠠᠢ ᠬᠢᠨᠠᠨ ᠰᠢᠯᠭᠠᠬᠤ ᠳᠤ | ᠬᠦᠴᠢᠷᠲᠡᠢ ᠠᠰᠠᠭᠤᠳᠠᠯ ᠢ ᠰᠢᠢᠳᠪᠦᠷᠢᠯᠡᠬᠦ ᠶᠢᠨ ᠲᠣᠭᠤᠷᠢᠨ ᠳᠤ᠂ ᠬᠢᠨᠠᠨ ᠰᠢᠯᠭᠠᠬᠤ ᠠᠭᠤᠯᠭ᠎ᠠ ᠪᠠᠨ | ᠨᠠᠷᠢᠯᠢᠭᠵᠢᠭᠤᠯᠵᠤ᠂ ᠬᠢᠨᠠᠨ ᠰᠢᠯᠭᠠᠬᠤ ᠠᠷᠭ᠎ᠠ ᠮᠠᠶ᠋ᠢᠭ ᠢᠶᠠᠨ ᠰᠢᠯᠢᠳᠡᠭᠵᠢᠭᠦᠯᠦᠨ᠂ ᠬᠢᠨᠠᠨ ᠰᠢᠯᠭᠠᠭᠰᠠᠨ ᠦᠷ᠎ᠡ | ᠳ᠋ᠦᠩ ᠢᠶᠠᠨ ᠪᠣᠳᠠᠲᠠᠶᠢᠵᠢᠭᠤᠯᠵᠤ᠂ ᠦᠷ᠎ᠡ ᠳ᠋ᠦᠩ ᠢᠶᠠᠨ ᠬᠡᠷᠡᠭᠯᠡᠬᠦ ᠶᠢ ᠭᠦᠨᠵᠡᠭᠡᠶᠢᠷᠡᠭᠦᠯᠬᠦ ︽ᠳᠦᠷᠪᠡᠴᠢᠯᠡᠯᠲᠡ︾ ᠶᠢ | ᠡᠷᠬᠢᠮᠯᠡᠨ᠂ ᠤᠯᠤᠰ ᠲᠥᠷᠥ ᠶᠢᠨ ᠬᠡᠪ ᠴᠢᠨᠠᠷ ᠤᠨ ᠬᠢᠨᠠᠨ ᠰᠢᠯᠭᠠᠯᠲᠠ ᠶᠢ ᠣᠨᠣᠴᠠᠲᠠᠢ ᠪᠣᠲᠠᠲᠠᠢ | ᠨᠠᠶᠢᠳᠠᠪᠤᠷᠢᠵᠢᠭᠤᠯᠬᠤ ᠶᠢ ᠲᠠᠰᠤᠷᠠᠯᠲᠠ ᠦᠭᠡᠢ ᠲᠦᠯᠬᠢᠨ ᠠᠬᠢᠭᠤᠯᠪᠠ᠃ | ᠵᠠᠩᠭᠢᠯᠠᠭ᠎ᠠ ᠶᠢᠨ ᠬᠦᠴᠦᠨ ᠵᠦᠢᠯ ᠢ ᠲᠣᠳᠣᠷᠬᠠᠶᠢᠯᠠᠵᠤ᠂ ᠬᠢᠨᠠᠨ ᠰᠢᠯᠭᠠᠬᠤ ᠠᠭᠤᠯᠭ᠎ᠠ ᠪᠠᠨ ᠨᠠᠷᠢᠯᠢᠭᠵᠢᠭᠤᠯᠪᠠ᠃ | ᠤᠯᠤᠰ ᠲᠦᠷᠦ ᠶᠢᠨ ᠬᠡᠪ ᠴᠢᠨᠠᠷ ᠬᠡᠶᠢᠰᠪᠦᠷᠢ᠂ ᠡᠵᠡᠮᠰᠢᠬᠦ ᠳᠤ ᠬᠦᠴᠢᠷ ᠣᠨᠴᠠᠯᠢᠭ ᠲᠠᠢ ᠪᠠᠶᠢᠳᠠᠭ᠂ ︽ᠨᠢᠭᠡ | ᠪᠠᠷᠢᠮᠵᠢᠶ᠎ᠠ︾ ᠪᠠᠷ ᠰᠢᠯᠭᠠᠪᠠᠯ᠂ ᠤᠯᠤᠰ ᠲᠦᠷᠦ ᠶᠢᠨ ᠬᠡᠪ ᠴᠢᠨᠠᠷ ᠢ ᠬᠢᠨᠠᠨ ᠰᠢᠯᠭᠠᠭᠰᠠᠨ ᠳ᠋ᠦᠩ ᠨᠢ ᠣᠨᠣᠪᠴᠢᠲᠠᠢ | ᠪᠣᠳᠠᠲᠠᠢ ᠪᠠᠶᠢᠵᠤ ᠴᠢᠳᠠᠬᠤ ᠦᠭᠡᠢ ᠶᠣᠮ᠃ ︽ᠳᠥᠷᠪᠡᠨ ᠤᠬᠠᠮᠰᠠᠷ︾ ᠢᠶᠠᠨ ᠪᠠᠲᠤ ᠪᠠᠬᠢ ᠪᠣᠯᠭᠠᠬᠤ᠂ ︽ | ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠲᠣᠭᠲᠠᠭᠠᠬᠤ︾ ᠶᠢ ᠬᠦᠷᠢᠶᠡᠯᠡᠬᠦ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠬᠦ ᠪᠠᠷ ᠤᠯᠤᠰ ᠲᠥᠷᠥ ᠶᠢᠨ ᠬᠡᠪ ᠴᠢᠨᠠᠷ ᠤᠨ ᠬᠢᠨᠠᠨ ᠰᠢᠯᠭᠠᠬᠤ ᠲᠡᠷᠢᠭᠦᠨ ᠴᠢᠬᠤᠯᠠ | ᠡᠭᠦᠷᠭᠡ ᠪᠣᠯᠭᠠᠬᠤ ᠬᠡᠷᠡᠭᠲᠡᠢ᠃ ᠠᠵᠢᠯ ᠤᠨ ᠪᠣᠳᠠᠲᠤ ᠠᠮᠵᠢᠯᠲᠠ ᠶᠢ ᠤᠯᠤᠰ ᠲᠥᠷᠥ ᠶᠢᠨ ᠬᠡᠪ ᠴᠢᠨᠠᠷ ᠢ ᠬᠢᠨᠠᠨ | ᠰᠢᠯᠭᠠᠬᠤ ᠴᠢᠬᠤᠯᠠ ᠢᠯᠡᠷᠡᠯ ᠪᠣᠯᠭᠠᠵᠤ᠂ ᠪᠠᠴᠢᠮ ᠪᠡᠷᠬᠡ ᠠᠶᠤᠯᠲᠠᠢ ᠬᠦᠨᠳᠦ ᠡᠭᠦᠷᠭᠡ ᠶᠢ ᠭᠦᠢᠴᠡᠳᠭᠡᠬᠦ ᠳᠤᠮᠳᠠᠬᠢ | ᠢᠯᠡᠷᠡᠯ ᠢ ᠤᠯᠤᠰ ᠲᠥᠷᠥ ᠶᠢᠨ ᠬᠡᠪ ᠴᠢᠨᠠᠷ ᠢ ᠬᠢᠨᠠᠨ ᠰᠢᠯᠭᠠᠬᠤ ᠭᠤᠣᠯᠳᠠᠯᠭ᠎ᠠ ᠪᠣᠯᠭᠠᠵᠤ᠂ ᠰᠠᠬᠢᠯᠭ᠎ᠠ ᠪᠠᠲᠤ ᠶᠣᠰᠣ | ᠳᠦᠷᠢᠮ ᠢ ᠴᠢᠩᠭ᠎ᠠ ᠰᠠᠬᠢᠬᠤ ᠶᠢ ᠤᠯᠤᠰ ᠲᠥᠷᠥ ᠶᠢᠨ ᠬᠡᠪ ᠴᠢᠨᠠᠷ ᠢ ᠬᠢᠨᠠᠨ ᠰᠢᠯᠭᠠᠬᠤ ᠨᠠᠭᠠᠲᠤ ᠵᠠᠬ᠎ᠠ ᠶᠢᠨ | ᠱᠠᠭᠠᠷᠳᠠᠯᠭ᠎ᠠ ᠪᠣᠯᠭᠠᠵᠤ᠂ ᠤᠯᠤᠰ ᠲᠥᠷᠥ ᠶᠢᠨ ᠬᠡᠪ ᠴᠢᠨᠠᠷ ᠢ ᠬᠢᠨᠠᠨ ᠰᠢᠯᠭᠠᠬᠤ ᠶᠢ ᠦᠨᠡᠨ ᠬᠦ ︽ᠬᠡᠶᠢᠰᠪᠦᠷᠢ︾ | ᠪᠠᠶᠢᠭᠰᠠᠨ ᠠᠴᠠ ︽ᠪᠣᠳᠠᠲᠠᠢ︾ ᠪᠣᠯᠭᠠᠨ ᠬᠤᠪᠢᠷᠠᠭᠤᠯᠵᠤ᠂ ᠬᠢᠨᠠᠨ ᠰᠢᠯᠭᠠᠬᠤ ᠨᠢ ᠨᠠᠩ ᠣᠨᠣᠪᠴᠢᠲᠠᠶ᠂ | ᠶᠠᠪᠤᠴᠠ ᠶᠢ ᠨᠠᠩ ᠪᠦᠲᠦᠮᠵᠢᠲᠡᠶ᠂ ᠦᠷ᠎ᠡ ᠳ᠋ᠦᠩ ᠢ ᠨᠠᠩ ᠦᠨᠡᠨ ᠪᠣᠳᠠᠲᠠᠢ ᠪᠣᠯᠭᠠᠬᠤ ᠶᠢ ᠦᠨᠡᠨ ᠬᠦ ᠪᠠᠲᠣᠯᠠᠪᠠ᠃ | ᠠᠮᠢᠳᠤᠯᠢᠭ ᠪᠥᠭᠡᠳ ᠤᠯᠠᠨ ᠶᠠᠩᠵᠤ ᠶᠢᠨ ᠪᠠᠶᠢᠬᠤ ᠶᠢ ᠲᠤᠪᠤᠶᠢᠯᠭᠠᠵᠤ᠂ ᠬᠢᠨᠠᠨ ᠰᠢᠯᠭᠠᠬᠤ ᠠᠷᠭ᠎ᠠ | ᠮᠠᠶ᠋ᠢᠭ ᠢᠶᠠᠨ ᠰᠢᠯᠢᠳᠡᠭᠵᠢᠭᠦᠯᠪᠡ᠃ ᠺᠠᠳ᠋ᠷᠴᠤᠳ ᠤᠨ ᠤᠯᠤᠰ ᠲᠦᠷᠦ ᠶᠢᠨ ᠬᠡᠪ ᠴᠢᠨᠠᠷ ᠨᠢ ᠠᠵᠢᠯ ᠬᠢᠬᠦ ᠳᠡᠭᠡᠷ᠎ᠡ | ᠢᠯᠡᠷᠡᠵᠦ ᠪᠠᠶᠢᠬᠤ ᠮᠥᠷᠲᠡᠭᠡᠨ ᠪᠠᠰᠠ ᠠᠮᠢᠳᠤᠷᠠᠯ ᠤᠨ ᠡᠯ᠎ᠡ ᠲᠠᠯ᠎ᠠ ᠳᠤ ᠢᠯᠡᠷᠡᠵᠦ᠂ ᠨᠡᠯᠢᠶᠡᠳ ᠴᠢᠩᠭ᠎ᠠ ᠲᠠᠯᠳᠠ | ᠴᠢᠨᠠᠷ ᠪᠠ ᠲᠥᠭᠡᠷᠢᠭᠳᠡᠭᠦᠯᠬᠦ ᠴᠢᠨᠠᠷ ᠲᠠᠢ ᠪᠠᠶᠢᠳᠠᠭ᠃ ᠰᠡᠳᠬᠢᠯ ᠤᠨ ᠦᠭᠡ ᠪᠠᠨ ᠶᠠᠷᠢᠯᠴᠠᠬᠤ ᠶᠢ ᠰᠠᠶᠢᠲᠤᠷ | ᠠᠰᠢᠭᠯᠠᠵᠤ᠂ ᠪᠠᠶᠢᠩᠭᠤ ᠶᠢᠨ ᠴᠢᠨᠠᠷ ᠢ ᠲᠣᠪᠤᠶᠢᠯᠭᠠᠨ᠂ ᠠᠷᠭ᠎ᠠ ᠬᠡᠯᠪᠡᠷᠢ᠂ ᠬᠡᠪᠴᠢᠶ᠎ᠡ᠂ ᠴᠠᠭ ᠤᠨ ᠬᠢᠵᠠᠭᠠᠷᠯᠠᠯ | ᠦᠭᠡᠢ ᠪᠠᠷ᠂ ᠭᠡᠷ ᠪᠦᠯᠢ ᠪᠠᠷ ᠨᠢ ᠰᠤᠷᠪᠤᠯᠵᠢᠯᠠᠬᠤ᠂ ᠰᠡᠵᠢᠭ ᠲᠠᠢ ᠵᠦᠢᠯ ᠢ ᠨᠡᠬᠡᠮᠵᠢᠯᠡᠨ ᠠᠰᠠᠭᠤᠬᠤ᠂ ᠰᠠᠨᠠᠯ ᠢᠶᠠᠨ | ᠰᠣᠯᠢᠯᠴᠠᠵᠤ ᠠᠰᠠᠭᠤᠯᠲᠠ ᠳᠤᠷᠠᠳᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ | ᠪᠠᠶᠢᠭᠠᠳ ᠶᠠᠷᠢᠯᠴᠠᠭ᠎ᠠ ᠥᠷᠨᠢᠭᠦᠯᠵᠦ᠂ ᠭᠦᠨᠵᠡᠭᠡᠢ ᠲᠤᠤᠱᠲᠠᠢ ᠶᠠᠷᠢᠯᠴᠠᠬᠤ ᠪᠠᠷ ᠴᠢᠷᠮᠠᠶᠢᠪᠠ᠃ ᠡᠰᠡᠷᠭᠦ ᠲᠠᠯ᠎ᠠ ᠪᠠᠷ | ᠰᠢᠯᠭᠠᠨ ᠦᠨᠡᠯᠡᠬᠦ ᠶᠢ ᠣᠨᠣᠪᠴᠢᠲᠠᠢ ᠪᠣᠲᠠᠲᠠᠢ ᠴᠢᠬᠤᠯᠠᠴᠢᠯᠠᠵᠤ᠂ ᠣᠷᠣᠰᠢᠵᠤ ᠪᠠᠶᠢᠭ᠎ᠠ ᠨᠠᠵᠠᠭᠠᠢ ᠲᠠᠯ᠎ᠠ ᠶᠢᠨ | ᠪᠠᠶᠢᠳᠠᠯ ᠢ ᠭᠦᠨᠵᠡᠭᠡᠢ ᠬᠠᠷᠭᠤᠭᠤᠯᠤᠨ ᠪᠠᠶᠢᠴᠠᠭᠠᠵᠤ᠂ ᠬᠠᠷᠭᠤᠭᠤᠯᠤᠨ ᠪᠠᠶᠢᠴᠠᠭᠠᠬᠤ ᠪᠠᠷ ᠳᠡᠮᠵᠢᠨ ᠦᠨᠡᠨ ᠬᠦ ᠤᠯᠤᠰ | ᠲᠥᠷᠥ ᠶᠢᠨ ᠠᠰᠠᠭᠤᠳᠠᠯ ᠣᠷᠣᠰᠢᠵᠤ ᠪᠠᠶᠢᠪᠠᠯ᠂ ︽ᠨᠢᠭᠡ ᠫᠢᠶᠣᠣ ᠪᠠᠷ ᠦᠭᠡᠶᠢᠰᠬᠡᠬᠦ︾ ᠶᠢ ᠬᠡᠷᠡᠭᠵᠢᠭᠦᠯᠪᠡ᠃ | ᠠᠵᠢᠯ ᠤᠨ ᠡᠮᠦᠨ᠎ᠡ ᠹᠷᠣᠨᠲ ᠲᠤ ᠭᠦᠨᠵᠡᠭᠡᠶᠢᠷᠡᠬᠦ ᠶᠢ ᠴᠢᠬᠤᠯᠠᠴᠢᠯᠠᠵᠤ᠂ ᠬᠢᠨᠠᠨ ᠰᠢᠯᠭᠠᠬᠤ ᠡᠲᠡᠭᠡᠳ ᠤᠨ ᠤᠯᠠᠨ | ᠲᠦᠮᠡᠨ ᠤ ᠮᠡᠳᠡᠷᠡᠬᠦ ᠬᠡᠮᠵᠢᠶ᠎ᠡ᠂ ᠠᠵᠢᠯ ᠤᠨ ᠪᠣᠳᠠᠲᠤ ᠠᠮᠵᠢᠯᠲᠠ ᠪᠠ ᠦᠨᠡᠯᠡᠯᠲᠡ ᠲᠤᠰᠬᠠᠯ ᠢ ᠣᠶᠢᠯᠠᠭᠠᠵᠤ᠂ | ᠺᠠᠳ᠋ᠷᠴᠤᠳ ᠤᠨ ︽ᠨᠠᠢᠮᠠᠨ ᠴᠠᠭ ᠠᠴᠠ ᠭᠠᠳᠠᠨᠠᠬᠢ︾ ᠶᠢᠨ ᠤᠯᠤᠰ ᠲᠦᠷᠦ ᠶᠢᠨ ᠢᠯᠡᠷᠡᠯ ᠢ ᠦᠨᠡᠨᠬᠦ ᠡᠵᠡᠮᠰᠢᠪᠡ᠃ | ᠵᠢᠯ ᠤᠨ ᠡᠬᠢᠨ ᠠᠴᠠ ᠨᠠᠰᠢ᠂ ᠨᠢᠭᠡᠨᠲᠡ 80 ᠺᠠᠳ᠋ᠷ ᠤᠨ ᠡᠩ ᠤᠨ ᠦᠶ᠎ᠡ ᠶᠢᠨ ᠶᠠᠷᠢᠯᠴᠠᠭ᠎ᠠ ᠶᠢ ᠪᠡᠶᠡᠯᠡᠭᠦᠯᠵᠦ᠂ 10 | ᠨᠡᠷᠡᠰ ᠡᠮᠦᠨ᠎ᠡ ᠹᠷᠣᠨᠲ ᠤᠨ ᠺᠠᠳ᠋ᠷ ᠢ ᠳᠡᠪᠰᠢᠭᠦᠯᠦᠨ ᠬᠡᠷᠡᠭᠯᠡᠪᠡ᠃ | ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠬᠢᠨᠠᠨ ᠰᠢᠯᠭᠠᠭᠰᠠᠨ ᠦᠷ᠎ᠡ ᠳ᠋ᠦᠩ ᠢᠶᠠᠨ | ᠪᠣᠲᠠᠲᠠᠶᠢᠵᠢᠭᠤᠯᠪᠠ᠃ ᠤᠯᠤᠰ ᠲᠥᠷᠥ ᠶᠢᠨ ᠬᠡᠪ ᠴᠢᠨᠠᠷ ᠢ ᠬᠢᠨᠠᠨ ᠰᠢᠯᠭᠠᠬᠤ ᠶᠢ ᠵᠠᠩᠭᠢᠯᠠᠭ᠎ᠠ ᠨᠢ ᠦᠨᠡᠯᠡᠯᠲᠡ ᠬᠢᠬᠦ | ᠲᠠᠯ᠎ᠠ ᠶᠢᠨ ᠣᠪᠣᠷ ᠲᠤ ᠪᠤᠢ᠂ ᠬᠦᠷᠦᠭ ᠵᠢᠷᠤᠭ ᠤᠨ ᠲᠠᠯ᠎ᠠ ᠪᠠᠷ ᠢᠯᠭᠠᠭ᠎ᠠ ᠲᠠᠢ ᠪᠠᠶᠢᠬᠤ ᠳᠤ ᠣᠷᠣᠰᠢᠨ᠎ᠠ᠃ ᠤᠯᠤᠰ | ᠲᠦᠷᠦ ᠶᠢᠨ ᠬᠦᠷᠦᠭ ᠵᠢᠷᠤᠭ ᠢ ᠵᠢᠷᠣᠮᠵᠢᠭᠤᠯᠬᠤ ᠱᠠᠭᠠᠷᠳᠠᠯᠭ᠎ᠠ ᠪᠠᠷ᠂ ᠺᠠᠳ᠋ᠷᠴᠤᠳ ᠤᠨ ᠤᠯᠤᠰ ᠲᠦᠷᠦ ᠶᠢᠨ | ᠦᠨᠡᠨᠴᠢ ᠰᠢᠳᠤᠷᠭᠤ᠂ ᠤᠯᠤᠰ ᠲᠦᠷᠦ ᠶᠢᠨ ᠲᠣᠭᠲᠠᠯ ᠬᠦᠴᠦᠨ᠂ ᠤᠯᠤᠰ ᠲᠦᠷᠦ ᠶᠢᠨ ᠡᠭᠦᠷᠭᠡᠯᠡᠯ᠂ ᠤᠯᠤᠰ | ᠲᠦᠷᠦ ᠶᠢᠨ ᠴᠢᠳᠠᠪᠤᠷᠢ ᠪᠠ ᠤᠯᠤᠰ ᠲᠦᠷᠦ ᠶᠢᠨ ᠥᠪᠡᠷ ᠢ ᠪᠠᠨ ᠱᠠᠭᠠᠷᠳᠠᠬᠤ ᠲᠠᠪᠤᠨ ᠲᠠᠯ᠎ᠠ ᠶᠢᠨ ᠢᠯᠡᠷᠡᠯ ᠢ | ᠲᠤᠪᠤᠶᠢᠯᠭᠠᠵᠦ᠂ ᠶᠣᠰᠤ ᠰᠣᠷᠲᠠᠬᠤᠨ ᠴᠢᠳᠠᠪᠤᠷᠢ ᠠᠵᠢᠯᠴᠢ ᠬᠥᠳᠡᠯᠮᠦᠷᠢᠴᠢ ᠠᠮᠵᠢᠯᠲᠠ ᠪᠦᠲᠦᠮᠵᠢ ᠠᠷᠢᠭᠤᠨ | ᠴᠢᠬᠡᠴᠢ ᠪᠠᠷ ᠭᠤᠣᠯ ᠪᠣᠯᠭᠠᠵᠤ᠂ ᠰᠢᠯᠭᠠᠨ ᠪᠠᠶᠢᠴᠠᠭᠠᠭᠳᠠᠬᠤ ᠡᠲᠡᠭᠡᠳ ᠤᠨ ᠬᠡᠪ ᠴᠢᠨᠠᠷ ᠪᠠ ᠴᠢᠳᠠᠪᠤᠷᠢ ᠶᠢᠨ | ᠪᠠᠶᠢᠳᠠᠯ ᠢ ᠨᠢᠭᠡᠳ ᠨᠢᠭᠡ ᠪᠠᠷ ᠲᠣᠭᠠᠴᠢᠵᠤ᠂ ᠬᠡᠶᠢᠰᠪᠦᠷᠢ ᠤᠯᠤᠰ ᠲᠦᠷᠦ ᠶᠢᠨ ᠬᠡᠪ ᠴᠢᠨᠠᠷ ᠢ ᠪᠣᠳᠠᠲᠠᠢ ᠲᠣᠭᠠᠴᠢᠯᠲᠠ | ᠪᠣᠯᠭᠠᠨ ᠬᠤᠪᠢᠷᠠᠭᠤᠯᠪᠠ᠃ ᠤᠯᠤᠰ ᠲᠥᠷᠥ ᠶᠢᠨ ᠬᠡᠪ ᠴᠢᠨᠠᠷ ᠤᠨ ᠲᠠᠩᠰᠠ ᠡᠪᠬᠡᠮᠡᠯ ᠢ ᠵᠢᠷᠤᠮᠵᠢᠭᠤᠯᠵᠤ᠂ | ᠰᠠᠯᠠᠭ᠎ᠠ ᠶᠢᠨ ᠲᠠᠰ ᠪᠠ ᠲᠠᠰᠤᠭ ᠤᠨ ᠲᠠᠰ ᠤᠨ ᠬᠤᠶᠠᠷ ᠲᠥᠷᠥᠯ ᠢᠯᠭᠠᠯ ᠢᠶᠠᠷ ᠺᠠᠳ᠋ᠷ ᠤᠨ ᠤᠯᠤᠰ ᠲᠥᠷᠥ ᠶᠢᠨ ᠬᠡᠪ | ᠴᠢᠨᠠᠷ ᠤᠨ ᠲᠠᠩᠰᠠ ᠡᠪᠬᠡᠮᠡᠯ ᠢ ᠪᠠᠶᠢᠭᠤᠯᠵᠤ᠂ ᠣᠨᠴᠠᠭᠠᠶᠢᠯᠠᠨ ︽ᠭᠤᠣᠯ ᠬᠠᠷᠢᠭᠤᠴᠠᠯᠭᠠᠲᠠᠨ︾ ᠲᠤ ᠴᠢᠭᠯᠡᠭᠦᠯᠦᠨ᠂ | ︽ᠡᠷᠬᠡ ᠪᠠᠨ ᠬᠡᠷᠡᠭᠯᠡᠭᠰᠡᠨ ᠲᠠᠩᠰᠠ ᠡᠪᠬᠡᠮᠡᠯ︾ ᠪᠠ ︽ᠲᠥᠪ ᠪᠣᠰᠤ ᠦᠶᠯᠡ ᠠᠵᠢᠯᠯᠠᠭ᠎ᠠ ᠶᠢᠨ ᠲᠠᠩᠰᠠ ᠡᠪᠬᠡᠮᠡᠯ︾ | ᠪᠠᠶᠢᠭᠤᠯᠪᠠ᠃ ᠤᠯᠤᠰ ᠲᠦᠷᠦ ᠶᠢᠨ ᠬᠡᠪ ᠴᠢᠨᠠᠷ ᠲᠤ ᠦᠨᠡᠯᠡᠯᠲᠡ ᠬᠢᠬᠦ ᠶᠢ ᠵᠢᠷᠤᠮᠵᠢᠭᠤᠯᠵᠤ᠂ ᠤᠯᠤᠰ ᠲᠦᠷᠦ ᠶᠢᠨ | ᠬᠡᠪ ᠴᠢᠨᠠᠷ ᠢ ᠢᠯᠭᠠᠨ ᠲᠠᠨᠢᠬᠤ ᠳᠤᠭᠤᠶᠢᠯᠠᠩ ᠪᠠᠶᠢᠭᠤᠯᠵᠤ᠂ ᠺᠠᠳ᠋ᠷᠴᠤᠳ ᠤᠨ ᠤᠯᠤᠰ ᠲᠦᠷᠦ ᠶᠢᠨ ᠬᠡᠪ ᠴᠢᠨᠠᠷ ᠢ | ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ ᠰᠢᠨᠵᠢ ᠴᠢᠨᠠᠷ ᠤᠨ ᠦᠨᠡᠯᠡᠯᠲᠡ ᠬᠢᠪᠡ᠃ | ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠦᠷ᠎ᠡ ᠳ᠋ᠦᠩ ᠤᠨ ᠬᠡᠷᠡᠭᠯᠡᠯᠲᠡ ᠶᠢ ᠭᠦᠨᠵᠡᠭᠡᠷᠡᠶᠢᠭᠦᠯᠪᠡ᠃ | ︽ᠰᠢᠯᠭᠠᠬᠤ︾ ᠪᠣᠯ ᠰᠠᠭᠤᠷᠢ ᠮᠥᠨ᠂ ︽ᠬᠡᠷᠡᠭᠯᠡᠬᠦ︾ ᠪᠣᠯ ᠵᠠᠩᠭᠢᠯᠠᠭ᠎ᠠ ᠮᠥᠨ᠃ ᠺᠠᠳ᠋ᠷ ᠤᠨ ᠤᠯᠤᠰ ᠲᠦᠷᠦ ᠶᠢᠨ | ᠬᠡᠪ ᠴᠢᠨᠠᠷ ᠢ ᠬᠢᠨᠠᠨ ᠰᠢᠯᠭᠠᠭᠰᠠᠨ ᠦᠷ᠎ᠡ ᠳ᠋ᠦᠩ ᠢ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ᠂ ᠬᠢᠨᠠᠨ | ᠬᠠᠮᠢᠶᠠᠷᠬᠤ᠂ ᠨᠥᠭᠡᠴᠡᠯᠡᠨ ᠬᠥᠮᠥᠵᠢᠭᠦᠯᠬᠦ ᠵᠡᠷᠭᠡ ᠠᠵᠢᠯ ᠤᠨ ᠪᠦᠬᠦ ᠶᠠᠪᠤᠴᠠ ᠳᠤ ᠬᠡᠷᠡᠭᠯᠡᠬᠦ ᠶᠢ ᠴᠢᠬᠤᠯᠠᠴᠢᠯᠠᠵᠤ᠂ | ᠤᠯᠤᠰ ᠲᠦᠷᠦ ᠶᠢᠨ ᠱᠠᠭᠠᠷᠳᠠᠯᠭ᠎ᠠ ᠶᠢ ᠲᠤᠪᠤᠶᠢᠯᠭᠠᠬᠤ᠂ ᠪᠣᠳᠠᠲᠠᠢ ᠠᠵᠢᠯᠯᠠᠬᠤ ᠪᠣᠳᠠᠲᠠᠢ ᠠᠮᠵᠢᠯᠲᠠ ᠶᠢ | ᠴᠢᠬᠤᠯᠠᠴᠢᠯᠠᠬᠤ ᠪᠠᠷ ᠢᠯᠡ ᠲᠣᠳᠣ ᠤᠳᠤᠷᠢᠳᠤᠮᠵᠢ ᠪᠣᠯᠭᠠᠵᠤ᠂ ᠲᠡᠳᠡᠭᠡᠷ ᠤᠯᠤᠰ ᠲᠦᠷᠦ ᠶᠢᠨ ᠬᠡᠪ ᠴᠢᠨᠠᠷ ᠢᠶᠠᠷ | ᠴᠢᠩᠭ᠎ᠠ᠂ ᠠᠵᠢᠯ ᠤᠨ ᠪᠣᠳᠠᠲᠤ ᠠᠮᠵᠢᠯᠲᠠ ᠲᠣᠪᠣᠶᠢᠮ᠎ᠠ᠂ ᠺᠠᠳ᠋ᠷ ᠤᠯᠠᠨ ᠲᠦᠮᠡᠨ ᠳᠤ ᠮᠡᠳᠡᠷᠡᠭᠳᠡᠭᠰᠡᠨ ᠬᠡᠮᠵᠢᠶ᠎ᠡ ᠪᠠᠷ | ᠥᠨᠳᠥᠷ᠂ ᠵᠣᠷᠢᠭᠲᠠᠢ ᠪᠠᠷ ᠡᠭᠦᠷᠭᠡᠯᠡᠵᠦ ᠴᠢᠳᠠᠮᠠᠭᠠᠢ ᠪᠠᠷ ᠠᠵᠢᠯᠯᠠᠳᠠᠭ ᠺᠠᠳ᠋ᠷ ᠢ ᠤᠷᠢᠳ ᠢᠶᠠᠷ ᠳᠡᠪᠰᠢᠭᠦᠯᠵᠦ | ᠴᠢᠬᠤᠯᠠᠴᠢᠯᠠᠨ ᠬᠡᠷᠡᠭᠯᠡᠪᠡ᠃ ᠦᠵᠡᠯ ᠰᠠᠨᠠᠭ᠎ᠠ ᠤᠯᠤᠰ ᠲᠦᠷᠦ ᠶᠢᠨ ᠲᠠᠯ᠎ᠠ ᠪᠠᠷ ᠴᠤᠬᠤᠶᠢᠯᠲᠠ ᠶᠢᠨ ᠴᠢᠨᠠᠷᠲᠠᠢ᠂ | ᠬᠡᠯᠪᠡᠷᠢᠯ ᠤᠨ ᠴᠢᠨᠠᠷᠲᠠᠢ ᠠᠰᠠᠭᠤᠳᠠᠯ ᠣᠷᠣᠰᠢᠵᠤ ᠪᠠᠶᠢᠭ᠎ᠠ ᠺᠠᠳ᠋ᠷᠴᠤᠳ ᠢ ᠴᠠᠭ ᠲᠤᠬᠠᠢ ᠳᠤᠨᠢ ᠰᠠᠨᠠᠭᠤᠯᠤᠨ ᠬᠡᠯᠡᠵᠦ᠂ | ᠠᠯᠳᠠᠭ᠎ᠠ ᠲᠣᠳᠠᠭᠳᠠᠯ ᠢ ᠨᠢ ᠬᠡᠯᠡᠵᠦ᠂ ᠬᠠᠪᠰᠤᠷᠤᠨ ᠵᠠᠯᠠᠷᠠᠭᠤᠯᠪᠠ᠃ ᠤᠯᠤᠰ ᠲᠦᠷᠦ ᠶᠢᠨ ᠬᠡᠪ ᠴᠢᠨᠠᠷ ᠨᠢ | ᠴᠢᠩᠭ᠎ᠠ ᠪᠢᠰᠢ᠂ ᠠᠵᠢᠯ ᠤᠨ ᠴᠢᠳᠠᠪᠤᠷᠢ ᠨᠢ ᠶᠡᠷᠦᠮᠳᠡᠭ᠂ ᠠᠵᠢᠯ ᠤᠨ ᠦᠷ᠎ᠡ ᠪᠦᠲᠦᠮᠵᠢ ᠨᠢ ᠳᠣᠪᠣᠶᠢᠮ᠎ᠠ ᠪᠢᠰᠢ | ᠺᠠᠳ᠋ᠷ ᠢ ᠴᠠᠭ ᠲᠤᠬᠠᠢ ᠳᠤᠨᠢ ᠠᠵᠢᠯ ᠤᠨ ᠪᠠᠶᠢᠷᠢ ᠰᠣᠯᠢᠪᠠ᠃ ᠤᠯᠤᠰ ᠲᠦᠷᠦ ᠶᠢᠨ ᠲᠠᠯ᠎ᠠ ᠪᠠᠷ ᠬᠢᠷᠢ ᠲᠡᠩᠴᠡᠬᠦ | ᠦᠭᠡᠢ᠂ ᠠᠵᠢᠯ ᠤᠨ ᠲᠠᠯ᠎ᠠ ᠪᠠᠷ ᠨᠠᠶᠢᠳᠠᠪᠤᠷᠢ ᠦᠭᠡᠢ ᠣᠪᠣᠷ ᠰᠤᠷᠲᠠᠯ ᠨᠢ ᠲᠥᠪ ᠪᠢᠰᠢ ᠪᠣᠳᠠᠲᠠᠢ ᠪᠢᠰᠢ ᠺᠠᠳ᠋ᠷ ᠢ | ᠴᠠᠭ ᠲᠤᠬᠠᠢ ᠳᠤᠨᠢ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠰᠢᠢᠳᠪᠦᠷᠢᠯᠡᠵᠦ᠂ ᠲᠥᠪ ᠰᠤᠷᠲᠠᠯ ᠢ ᠴᠢᠷᠮᠠᠶᠢᠨ ᠪᠤᠢ | ᠪᠣᠯᠭᠠᠵᠤ᠂ ᠭᠠᠵᠢᠭᠤ ᠰᠤᠷᠲᠠᠯ ᠢ ᠠᠷᠢᠯᠭᠠᠨ᠂ ᠤᠭ ᠦᠨᠳᠦᠰᠦ ᠠᠴᠠ ᠨᠢ ᠪᠠᠬᠢᠵᠢᠭᠦᠯᠪᠡ᠃ ᠵᠢᠯ ᠤᠨ ᠡᠬᠢᠨ ᠠᠴᠠ | ᠨᠠᠰᠢ᠂ ᠤᠯᠤᠰ ᠲᠦᠷᠦ ᠶᠢᠨ ᠲᠠᠯ᠎ᠠ ᠪᠠᠷ ᠢᠲᠡᠭᠡᠯ ᠵᠣᠷᠢᠭ ᠲᠠᠢ᠂ ᠤᠯᠤᠰ ᠲᠦᠷᠦ ᠶᠢᠨ ᠬᠡᠪ ᠴᠢᠨᠠᠷ ᠦᠨᠳᠦᠷ 48 | ᠺᠠᠳ᠋ᠷ ᠢ ᠳᠡᠪᠰᠢᠭᠦᠯᠦᠨ ᠬᠡᠷᠡᠭᠯᠡᠪᠡ︔ ᠨᠢᠭᠡᠨ ᠠᠵᠢᠯ ᠤᠨ ᠪᠠᠶᠢᠷᠢ ᠳᠤ ᠠᠷᠪᠠᠨ ᠵᠢᠯ ᠠᠴᠠ ᠳᠡᠭᠡᠭᠰᠢ ᠲᠤᠰᠢᠶᠠᠯ | ᠡᠭᠦᠷᠭᠡᠯᠡᠭᠡᠳ ᠠᠵᠢᠯ ᠤᠨ ᠣᠷᠣᠮ᠎ᠠ ᠵᠣᠷᠢᠭ ᠳᠤᠲᠠᠮᠠᠭ 5 ᠺᠠᠳ᠋ᠷ ᠢ ᠠᠵᠢᠯ ᠤᠨ ᠪᠠᠶᠢᠷᠢ ᠰᠤᠯᠢᠪᠠ︔ ᠬᠠᠷᠢᠭᠤᠴᠠᠯᠭ᠎ᠠ | ᠡᠭᠦᠷᠭᠡᠯᠡᠬᠦ ᠦᠭᠡᠢ ᠠᠵᠢᠯ ᠬᠢᠬᠦ ᠦᠭᠡᠢ 2 ᠺᠠᠳ᠋ᠷ ᠢ ᠲᠤᠰᠢᠶᠠᠯ ᠠᠴᠠ ᠨᠢ ᠤᠭᠴᠠᠷᠠᠭᠤᠯᠤᠨ ᠰᠢᠢᠳᠪᠦᠷᠢᠯᠡᠪᠡ᠃ | |