ᠴᠢᠨᠳᠠᠮᠨᠤᠢ ᠰᠤᠮᠤ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠬᠢᠬᠦ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2022/6/10
       6 ᠰᠠᠷ᠎ᠠ ᠶᠢᠨ 8 ᠤ ᠡᠳᠦᠷ᠂ ᠴᠢᠨᠳᠠᠮᠨᠤᠢ ᠰᠤᠮᠤ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠬᠢᠬᠦ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠢᠪᠡ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠴᠠᠭᠠᠨ ᠤ ᠲᠤᠭ᠎ᠠ ᠪᠦᠷᠢᠳᠬᠡᠭᠴᠢ ᠤᠯᠤᠰ ᠲᠥᠷᠥ ᠶᠢᠨ ᠰᠤᠷᠤᠯᠴᠠᠯᠭ᠎ᠠ ᠪᠠ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠦᠨ᠂ ᠲᠣᠰ ᠪᠡᠶ᠎ᠡ ᠶᠢᠨ ᠮᠡᠳᠡᠯᠭᠡ ᠪᠠᠨ ᠪᠠᠬᠢᠵᠢᠭᠦᠯᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠲᠤᠭ᠎ᠠ ᠪᠦᠷᠢᠳᠬᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ︔ ᠲᠤᠭ᠎ᠠ ᠪᠦᠷᠢᠳᠬᠡᠯ ᠤᠨ ᠰᠠᠭᠤᠷᠢ ᠠᠵᠢᠯ ᠢ ᠦᠨᠡᠨᠬᠦ ᠴᠢᠩᠭᠠᠳᠬᠠᠵᠤ᠂ ᠲᠤᠭ᠎ᠠ ᠪᠦᠷᠢᠳᠬᠡᠯ ᠤᠨ ᠡᠬᠡ ᠲᠠᠩᠰᠠ ᠶᠢ ᠪᠠᠶᠢᠭᠤᠯᠤᠨ ᠪᠦᠷᠢᠨᠰᠢᠭᠦᠯᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠴᠠᠭ ᠬᠤᠭᠤᠴᠠᠭ᠎ᠠ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ ᠂ ᠡᠯ᠎ᠡ ᠵᠦᠢᠯ ᠤᠨ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢᠨ ᠦᠨᠡᠨ ᠪᠣᠳᠠᠲᠠᠢ᠂ ᠣᠨᠣᠪᠴᠢᠲᠠᠶ᠂ ᠪᠦᠷᠢᠨ ᠪᠦᠲᠦᠨ ᠪᠠᠶᠢᠬᠤ ᠶᠢ ᠦᠨᠡᠨᠬᠦ ᠪᠠᠲᠤᠯᠠᠵᠤ᠂ ᠪᠣᠯᠪᠠᠰᠤᠷᠠᠭᠤᠯᠤᠯ ᠤᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ᠪᠦᠬᠦ ᠰᠤᠮᠤᠨ ᠤ ᠲᠤᠭ᠎ᠠ ᠪᠦᠷᠢᠳᠬᠡᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠬᠠᠮᠲᠤᠪᠠᠷ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号