ᠯᠦᠪᠧᠢ ᠪᠠᠯᠭᠠᠰᠤ 2022 ᠣᠨ ᠤ ᠲᠠᠷᠢᠮᠠᠯ ᠤᠨ ᠦᠢᠯᠡᠰ ᠤᠨ ᠳᠠᠭᠠᠳᠬᠠᠯ ᠬᠢᠬᠦ ᠠᠵᠢᠯ ᠢ ᠲᠦᠯᠬᠢᠨ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2022/6/10
      6 ᠰᠠᠷ᠎ᠠ ᠶᠢᠨ 8  ᠤ ᠡᠳᠦᠷ᠂ ᠯᠦᠪᠧᠢ ᠪᠠᠯᠭᠠᠰᠤ 2022 ᠣᠨ ᠤ ᠲᠠᠷᠢᠮᠠᠯ ᠤᠨ ᠦᠢᠯᠡᠰ ᠤᠨ ᠳᠠᠭᠠᠳᠬᠠᠯ ᠬᠢᠬᠦ ᠠᠵᠢᠯ ᠢ ᠠᠬᠢᠭᠤᠯᠬᠤ ᠬᠤᠷᠠᠯ  ᠬᠢᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠬᠢᠬᠦ ᠠᠵᠢᠯ ᠨᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠲᠠᠢ ᠬᠤᠯᠪᠣᠭᠳᠠᠵᠤ ᠪᠠᠶᠢᠳᠠᠭ ᠪᠣᠯᠬᠤᠷ ᠡᠯ᠎ᠡ ᠭᠠᠴᠠᠭ᠎ᠠ ᠲᠣᠰᠬᠤᠨ ᠤ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠬᠠᠭᠤᠯᠬᠤ ᠠᠷᠭ᠎ᠠ ᠬᠡᠯᠪᠡᠷᠢ ᠪᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠠᠶᠢᠯ ᠡᠷᠦᠬᠡ ᠳᠤ ᠬᠦᠷᠴᠦ᠂ ᠬᠥᠮᠥᠨ ᠪᠦᠷᠢ ᠳᠤ ᠤᠬᠠᠭᠤᠯᠵᠤ᠂ ᠲᠠᠭᠠᠳᠬᠠᠬᠤ ᠶᠣᠰᠣᠲᠠᠢ ᠪᠦᠬᠦᠨ ᠢ ᠲᠠᠭᠠᠳᠬᠠᠯ ᠳᠤ ᠤᠷᠤᠯᠴᠠᠭᠤᠯᠵᠦ᠂ ᠲᠠᠷᠢᠶᠠᠴᠢᠳ ᠲᠤ ᠠᠰᠢᠭ ᠬᠦᠷᠲᠡᠭᠡᠬᠦ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠡᠨᠬᠦ ᠰᠠᠶᠢᠲᠤᠷ ᠨᠠᠶᠢᠳᠠᠪᠤᠷᠢᠵᠢᠭᠤᠯᠵᠤ᠂ ᠰᠠᠶᠢᠲᠤᠷ ᠬᠡᠷᠡᠭᠵᠢᠭᠦᠯᠬᠦ ᠬᠡᠷᠡᠭᠲᠡᠢ︔ ᠰᠠᠭᠤᠷᠢ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠠᠵᠢᠯ ᠢ ᠴᠢᠨᠠᠭᠰᠢᠳᠠ ᠴᠢᠩᠭᠠᠳᠬᠠᠵᠤ᠂ ᠮᠡᠳᠡᠭᠡ ᠵᠠᠩᠭᠢ ᠶᠢᠨ ᠣᠨᠣᠪᠴᠢᠲᠤ ᠴᠢᠨᠠᠷ᠂ ᠦᠨᠡᠨ ᠪᠣᠳᠠᠲᠤ ᠴᠢᠨᠠᠷ ᠢ ᠪᠡᠶᠡᠯᠡᠭᠦᠯᠵᠦ᠂ ᠲᠠᠷᠢᠮᠠᠯ ᠤᠨ ᠦᠢᠯᠡᠰ ᠤᠨ ᠳᠠᠭᠠᠳᠬᠠᠯ ᠬᠢᠬᠦ ᠠᠵᠢᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠪᠦᠬᠦ ᠪᠠᠯᠭᠠᠰᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠴᠢᠨᠠᠷ ᠰᠠᠶᠢᠲᠠᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号