6 ᠰᠠᠷ᠎ᠠ ᠶᠢᠨ 9 ᠤ ᠡᠳᠦᠷ᠂ ᠳᠡᠳ᠋ ᠬᠤᠲᠠ ᠶᠢᠨ ᠳᠠᠷᠤᠭ᠎ᠠ ᠼᠤᠤ ᠶᠢᠨ ᠱᠠᠨ ᠵᠠᠷᠤᠳ ᠬᠤᠰᠢᠭᠤᠨ ᠳᠤ | ᠢᠷᠡᠵᠦ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠱᠠᠭᠠᠷᠳᠠᠨ ᠪᠠᠶᠢᠴᠠᠭᠠᠪᠠ᠃ ᠳᠡᠳ᠋ ᠬᠤᠰᠢᠭᠤᠨ ᠳᠠᠷᠤᠭ᠎ᠠ ᠭᠦᠸᠧ | ᠶᠠ ᠹᠧᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃ | | ᠼᠤᠤ ᠶᠢᠨ ᠱᠠᠨ ᠬᠠᠮᠳᠤ ᠶᠠᠪᠤᠭᠰᠠᠳ ᠲᠠᠢ ᠪᠠᠨ ᠤᠷᠢᠳ ᠬᠤᠵᠢᠳ ᠭᠡᠸ᠋ ᠯᠢᠨ ᠬᠤᠤ ᠲᠠᠢ ᠪᠠᠭᠤᠳᠠᠯ ᠤᠨ | ᠲᠤᠰᠠᠭᠠᠷᠯᠠᠬᠤ ᠴᠡᠭ᠂ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ᠂ ᠪᠠᠶᠠᠨᠲᠠᠯ᠎ᠠ ᠰᠤᠮᠤ ᠶᠢᠨ ᠪᠠᠷᠠᠭᠤᠨ | ᠪᠠᠶᠠᠨᠲᠠᠯ᠎ᠠ ᠲᠣᠰᠬᠤᠨ ᠤ ᠵᠠᠮ ᠬᠠᠷᠢᠯᠴᠠᠭᠠᠨ ᠤ ᠲᠤᠰᠠᠭᠠᠷᠯᠠᠬᠤ ᠬᠢᠵᠢᠭ ᠰᠡᠷᠭᠡᠶᠢᠯᠡᠬᠦ ᠥᠷᠲᠡᠭᠡ ᠵᠡᠷᠭᠡ ᠭᠠᠵᠠᠷ ᠲᠤ | ᠬᠦᠷᠴᠦ᠂ ᠬᠠᠷᠢᠭᠤ ᠮᠡᠳᠡᠭᠦᠯᠦᠯᠲᠡ ᠰᠣᠨᠣᠰᠬᠤ᠂ ᠠᠬᠤᠢ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ | ᠬᠡᠯᠪᠡᠷᠢ ᠪᠠᠷ ᠪᠥᠬᠦ ᠬᠤᠰᠢᠭᠤᠨ ᠤ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠬᠠᠮᠢᠶᠠᠷᠤᠯᠲᠠ ᠶᠢᠨ ᠠᠷᠭ᠎ᠠ | ᠬᠡᠮᠵᠢᠶ᠎ᠡ ᠶᠢ ᠵᠢᠷᠤᠮᠵᠢᠭᠤᠯᠤᠨ ᠨᠠᠶᠢᠳᠠᠪᠤᠷᠢᠵᠢᠭᠤᠯᠤᠭᠰᠠᠨ᠂ ᠭᠤᠣᠯᠳᠠᠯᠭ᠎ᠠ ᠲᠠᠢ ᠬᠥᠮᠥᠰ ᠢ ᠪᠠᠶᠢᠴᠠᠭᠠᠨ | ᠰᠢᠢᠳᠪᠦᠷᠢᠯᠡᠵᠦ ᠬᠠᠮᠢᠶᠠᠷᠤᠨ ᠡᠵᠡᠮᠳᠡᠭᠰᠡᠨ᠂ ᠭᠤᠣᠯᠳᠠᠯᠭ᠎ᠠ ᠲᠠᠢ ᠵᠠᠮ ᠬᠠᠷᠢᠯᠴᠠᠭᠠᠨ ᠤ ᠣᠷᠣᠵᠤ ᠭᠠᠷᠬᠤ ᠵᠠᠮ ᠢ | ᠬᠠᠮᠢᠶᠠᠷᠤᠨ ᠡᠵᠡᠮᠳᠡᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | | ᠲᠤᠬᠠᠢ ᠶᠢᠨ ᠭᠠᠵᠠᠷ ᠲᠤᠨᠢ ᠱᠠᠭᠠᠷᠳᠠᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠼᠤᠤ ᠶᠢᠨ ᠱᠠᠨ | ᠰᠠᠭᠤᠳᠠᠯ ᠤᠨ ᠬᠤᠷᠠᠯ ᠬᠢᠪᠡ᠃ ᠲᠡᠷᠡ ᠴᠢᠬᠤᠯᠠᠴᠢᠯᠠᠭᠰᠠᠨ ᠨᠢ᠂ ᠣᠳᠣᠬᠠᠨ ᠤ ᠬᠢᠵᠢᠭ ᠢ ᠰᠡᠷᠭᠡᠶᠢᠯᠡᠨ ᠡᠵᠡᠮᠳᠡᠬᠦ | ᠠᠵᠢᠯ ᠤᠨ ᠬᠦᠨᠳᠦ ᠬᠡᠴᠡᠭᠦᠦ ᠪᠠᠶᠢᠳᠠᠯ ᠢ ᠰᠡᠷᠭᠡᠭ ᠢᠶᠠᠷ ᠲᠠᠨᠢᠬᠤ ᠬᠡᠷᠡᠭᠲᠡᠢ᠂ ᠶᠠᠭᠠᠬᠢᠭᠰᠠᠨ ᠴᠤ ᠬᠥᠩᠭᠡᠨ | ᠬᠠᠭᠤᠮᠠᠭᠠᠢ ᠪᠠᠷ ᠬᠠᠨᠳᠤᠵᠤ ᠪᠣᠯᠬᠤ ᠦᠭᠡᠢ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ | ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠷ ᠬᠢᠵᠢᠭ ᠢ | ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠰᠠᠶᠢᠲᠤᠷ | ᠠᠳᠬᠤᠵᠤ᠂ ︽ᠭᠠᠳᠠᠭᠠᠳᠤ ᠠᠴᠠ ᠤᠷᠤᠵᠦ ᠢᠷᠡᠬᠦ ᠶᠢ ᠰᠡᠷᠭᠡᠶᠢᠯᠡᠨ᠂ ᠳᠣᠲᠣᠭᠠᠳᠤ ᠳᠠᠭᠠᠨ ᠴᠢᠩᠭ᠎ᠠ ᠬᠠᠮᠢᠶᠠᠷᠤᠨ | ᠡᠵᠡᠮᠳᠡᠬᠦ︾ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠤᠯᠠ ᠮᠥᠷ ᠢᠶᠠᠷ ᠨᠢ ᠬᠥᠮᠥᠨ ᠢ ᠡᠷᠢᠬᠦ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠲᠠᠯᠠᠪᠤᠷ | ᠭᠠᠵᠠᠷ ᠢ ᠳᠤᠪᠤᠶᠢᠯᠭᠠᠵᠤ᠂ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢᠨ ᠤᠯᠠ ᠮᠥᠷ ᠢ ᠦᠨᠳᠦᠰᠦᠯᠡᠨ ᠪᠦᠬᠦ | ᠲᠠᠯ᠎ᠠ ᠪᠠᠷ ᠲᠤᠶᠢᠯᠪᠤᠷᠢᠲᠠᠢ ᠪᠠᠶᠢᠴᠠᠭᠠᠵᠤ᠂ ᠬᠠᠯᠳᠠᠪᠤᠷᠢᠳᠤ ᠡᠪᠡᠳᠴᠢᠨ ᠤ ᠰᠤᠳᠤᠯᠤᠯ ᠪᠠᠶᠢᠴᠠᠭᠠᠯᠳᠠ ᠬᠢᠬᠦ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠦᠬᠦᠨ ᠢ ᠡᠷᠢᠵᠦ ᠤᠯᠵᠦ᠂ ᠨᠢᠭᠡ ᠬᠥᠮᠥᠨ ᠢ ᠴᠦ ᠣᠷᠬᠢᠭᠳᠠᠭᠤᠯᠬᠤ | ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠪᠥᠭᠡᠮ ᠬᠦᠴᠢᠯ ᠪᠠᠶᠢᠴᠠᠭᠠᠨ ᠬᠡᠮᠵᠢᠬᠦ ᠶᠢ ᠲᠦᠷᠭᠡᠳᠬᠡᠨ ᠠᠬᠢᠭᠤᠯᠵᠤ᠂ | ᠪᠠᠶᠢᠴᠠᠭᠠᠨ ᠬᠡᠮᠵᠢᠬᠦ ᠶᠠᠪᠤᠴᠠ ᠶᠢ ᠵᠢᠷᠤᠮᠵᠢᠭᠤᠯᠤᠨ ᠰᠢᠯᠢᠳᠡᠭᠵᠢᠭᠦᠯᠵᠦ᠂ ᠬᠢᠵᠢᠭ ᠤᠨ ᠬᠠᠯᠳᠠᠪᠤᠷᠢᠯᠠᠬᠤ ᠬᠡᠯᠬᠢᠶ᠎ᠡ ᠶᠢ | ᠦᠳᠲᠡᠷ ᠲᠦᠷᠭᠡᠨ ᠲᠠᠰᠤᠯᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠡᠷᠡᠰ ᠬᠠᠮᠢᠶᠠᠷᠤᠨ ᠡᠵᠡᠮᠳᠡᠵᠦ᠂ | ᠬᠢᠵᠢᠭ ᠤᠨ ᠭᠠᠳᠠᠭᠰᠢ ᠯᠡᠪᠡᠷᠡᠬᠦ ᠪᠠ ᠳᠡᠯᠭᠡᠷᠡᠬᠦ ᠶᠢ ᠡᠷᠡᠰ ᠰᠡᠷᠭᠡᠶᠢᠯᠡᠬᠦ ᠬᠡᠷᠡᠭᠲᠡᠢ ᠭᠡᠪᠡ᠃ | | ᠼᠤᠤ ᠶᠢᠨ ᠱᠠᠨ ᠱᠠᠭᠠᠷᠳᠠᠭᠰᠠᠨ ᠨᠢ᠂ ᠬᠢᠵᠢᠭ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠬᠢᠵᠢᠭ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠰᠠᠶᠢᠲᠤᠷ ᠪᠠᠲᠤᠯᠠᠵᠤ᠂ ᠰᠠᠶᠢᠲᠤᠷ | ᠲᠣᠬᠢᠷᠠᠭᠤᠯᠵᠤ᠂ ᠰᠠᠶᠢᠲᠤᠷ ᠬᠤᠳᠠᠯᠳᠤᠨ ᠠᠪᠴᠤ᠂ ᠰᠠᠶᠢᠲᠤᠷ ᠬᠡᠷᠡᠭᠯᠡᠵᠦ᠂ ᠰᠠᠶᠢᠲᠤᠷ ᠬᠠᠮᠢᠶᠠᠷᠴᠤ᠂ | ᠭᠤᠣᠯᠳᠠᠯᠭ᠎ᠠ ᠲᠠᠢ ᠬᠢᠵᠢᠭ ᠢ ᠰᠡᠷᠭᠡᠶᠢᠯᠡᠬᠦ ᠡᠳ᠋ ᠪᠣᠳᠠᠰ ᠢ ᠭᠦᠢᠴᠡᠳ ᠨᠥᠭᠡᠴᠡᠯᠡᠵᠦ᠂ ᠬᠢᠵᠢᠭ ᠢ ᠰᠡᠷᠭᠡᠶᠢᠯᠡᠨ | ᠡᠵᠡᠮᠳᠡᠬᠦ ᠠᠵᠢᠯ ᠤᠨ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠡᠯ᠎ᠡ ᠲᠥᠪᠯᠡᠷᠡᠭᠦᠯᠦᠨ | ᠲᠤᠰᠠᠭᠠᠷᠯᠠᠬᠤ ᠴᠢᠭ᠋ ᠤᠨ ᠬᠢᠨ ᠴᠢᠩᠭ᠎ᠠ ᠵᠢᠷᠤᠮᠵᠢᠭᠤᠨ ᠬᠠᠮᠢᠶᠠᠷᠤᠯᠲᠠ ᠬᠢᠬᠦ ᠶᠢ ᠲᠣᠪᠣᠶᠢᠮ᠎ᠠ ᠪᠠᠶᠢᠷᠢᠨ ᠳᠤ ᠲᠠᠯᠪᠢᠵᠤ | ᠂ ᠴᠢᠳᠠᠮᠵᠢ ᠶᠢᠨ ᠬᠤᠪᠢᠶᠠᠷᠢᠯᠠᠯ ᠢ ᠲᠣᠳᠣᠷᠬᠠᠶᠢᠯᠠᠨ᠂ ᠬᠤᠪᠢ ᠬᠥᠮᠥᠨ ᠤ ᠬᠠᠮᠠᠭᠠᠯᠠᠯᠲᠠ ᠪᠠᠨ ᠴᠢᠩᠭᠠᠳᠬᠠᠵᠤ᠂ | ᠠᠮᠤᠷ ᠲᠦᠪᠰᠢᠨ ᠢᠶᠠᠷ ᠠᠵᠢᠯᠯᠠᠬᠤ ᠳᠦᠷᠢᠮ ᠢ ᠴᠢᠩᠭ᠎ᠠ ᠬᠡᠷᠡᠭᠵᠢᠭᠦᠯᠦᠨ᠂ ᠪᠢᠳᠡᠭᠦᠮᠵᠢᠯᠡᠨ ᠬᠠᠮᠢᠶᠠᠷᠤᠯᠲᠠ ᠬᠢᠬᠦ ᠶᠢ | ᠪᠡᠶᠡᠯᠡᠭᠦᠯᠵᠦ᠂ ᠠᠷᠢᠭᠤᠳᠬᠠᠬᠤ ᠤᠰᠠᠳᠬᠠᠬᠤ᠂ ᠡᠷᠡᠭᠦᠯ ᠮᠡᠨᠳᠦ ᠶᠢ ᠬᠢᠨᠠᠨ ᠬᠡᠮᠵᠢᠬᠦ᠂ ᠬᠤᠭ ᠨᠣᠪᠰᠢ ᠶᠢ | ᠰᠢᠢᠳᠪᠦᠷᠢᠯᠡᠬᠦ ᠵᠡᠷᠭᠡ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ | ᠪᠣᠭᠤᠮᠲᠠ ᠴᠢᠭ᠋ ᠤᠨ ᠬᠢᠨ ᠣᠷᠣᠵᠤ ᠢᠷᠡᠬᠦ ᠵᠠᠮ ᠱᠤᠭᠤᠮ ᠢ ᠰᠠᠶᠢᠲᠤᠷ ᠰᠠᠬᠢᠵᠤ᠂ ᠣᠷᠣᠵᠤ ᠢᠷᠡᠬᠦ ᠪᠠ ᠪᠤᠴᠠᠵᠤ | ᠢᠷᠡᠬᠦ ᠬᠥᠮᠥᠰ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠮᠡᠳᠡᠭᠡ ᠵᠠᠩᠭᠢ ᠶᠢ ᠮᠡᠳᠡᠭᠦᠯᠦᠨ ᠳᠠᠩᠰᠠᠯᠠᠭᠤᠯᠬᠤ᠂ | ᠪᠦᠭᠡᠮ ᠬᠦᠴᠢᠯ ᠪᠠᠶᠢᠴᠠᠭᠠᠨ ᠬᠡᠮᠵᠢᠬᠦ ᠵᠡᠷᠭᠡ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠬᠢᠵᠢᠭ ᠬᠠᠯᠳᠠᠪᠤᠷᠢᠯᠠᠨ ᠤᠷᠤᠵᠦ ᠢᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ︔ ᠪᠣᠭᠤᠮᠲᠠ ᠴᠢᠭ᠋ ᠤᠨ ᠠᠵᠢᠯᠲᠠᠳ | ᠥᠪᠡᠷ ᠢ ᠪᠠᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ︽ ᠭᠠᠳᠠᠨ᠎ᠠ ᠠᠴᠠ ᠤᠷᠤᠵᠦ | ᠢᠷᠡᠬᠦ ᠶᠢ ᠰᠡᠷᠭᠡᠶᠢᠯᠡᠬᠦ︾ ᠪᠠᠲᠤ ᠪᠠᠬᠢ ᠬᠠᠯᠬᠠᠪᠴᠢ ᠶᠢ ᠦᠨᠡᠨᠬᠦ ᠪᠠᠬᠢᠵᠢᠭᠦᠯᠬᠦ ᠬᠡᠷᠡᠭᠲᠡᠢ ᠭᠡᠪᠡ᠃ |