ᠵᠠᠷᠤᠳ ᠬᠤᠰᠢᠭᠤ ᠭᠤᠣᠯ ᠬᠤᠲᠠ ᠶᠢᠨ ᠲᠣᠭᠤᠷᠢᠭ ᠤᠨ ᠪᠥᠬᠦ ᠬᠥᠮᠥᠰ ᠲᠤ ᠪᠥᠭᠡᠮ ᠬᠦᠴᠢᠯ ᠪᠠᠶᠢᠴᠠᠭᠠᠨ ᠰᠢᠯᠭᠠᠬᠤ ᠪᠣᠲᠠᠲᠤ ᠰᠣᠷᠢᠯᠲᠠ ᠶᠢ ᠤᠷᠤᠭᠰᠢᠲᠠᠢ ᠥᠷᠨᠢᠭᠦᠯᠪᠡ
ᠨᠡᠶᠢᠲᠡᠯᠡᠭᠰᠡᠨ ᠴᠠᠭ᠄
2022/6/10
       ᠣᠳᠣᠬᠠᠨ ᠤ ᠬᠢᠵᠢᠭ ᠤᠨ ᠬᠦᠨᠳᠦ ᠬᠡᠴᠡᠭᠦᠦ ᠪᠠᠶᠢᠳᠠᠯ ᠢ ᠪᠦᠲᠦᠮᠵᠢᠲᠡᠶ ᠠᠷᠭᠠᠴᠠᠭᠠᠵᠤ᠂ ᠪᠠᠴᠢᠮ ᠪᠠᠶᠢᠳᠠᠯ ᠢ ᠲᠦᠷᠭᠡᠨ ᠰᠢᠢᠳᠪᠦᠷᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠵᠠᠷᠤᠳ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠠᠴᠠ ᠰᠤᠳᠣᠯᠣᠨ ᠶᠠᠷᠢᠯᠴᠠᠬᠤ ᠪᠠᠷ ᠳᠠᠮᠵᠢᠨ᠂ 6 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨᠡᠬᠢ 6 ᠴᠠᠭ ᠠᠴᠠ ᠡᠬᠢᠯᠡᠨ᠂ ᠯᠦᠪᠧᠢ ᠪᠠᠯᠭᠠᠰᠤᠨ ᠤ ᠭᠤᠣᠯ ᠬᠤᠲᠠ ᠶᠢᠨ ᠲᠣᠭᠤᠷᠢᠭ ᠤᠨ ᠪᠦᠬᠦ ᠬᠦᠮᠦᠰ ᠲᠤ ᠪᠥᠭᠡᠮ ᠬᠦᠴᠢᠯ ᠪᠠᠶᠢᠴᠠᠭᠠᠨ ᠰᠢᠯᠭᠠᠬᠤ ᠪᠣᠲᠠᠲᠤ ᠰᠣᠷᠢᠯᠲᠠ ᠶᠢ ᠥᠷᠨᠢᠭᠦᠯᠬᠦ ᠪᠠᠷ ᠲᠣᠭᠲᠠᠪᠠ᠃    ᠬᠢᠵᠢᠭ ᠢ ᠡᠰᠡᠷᠭᠦᠴᠡᠬᠦ ᠳᠤ ᠬᠠᠷᠢᠭᠤᠴᠠᠯᠭ᠎ᠠ ᠪᠠᠨ ᠡᠭᠦᠷᠭᠡᠯᠡᠵᠦ᠂ ᠶᠡᠭᠡ ᠲᠠᠶᠢᠨ ᠤ ᠡᠮᠦᠨ᠎ᠡ ᠤᠭ ᠰᠠᠨᠠᠭ᠎ᠠ ᠪᠠᠨ ᠦᠢᠯᠡᠳᠦᠯᠭᠡᠵᠢᠭᠦᠯᠪᠡ᠃ 6 ᠰᠠᠷ᠎ᠠ ᠶᠢᠨ 8 ᠤ ᠡᠳᠦᠷ ᠤᠨ ᠣᠷᠣᠢ ᠶᠢᠨ 8 ᠴᠠᠭ ᠲᠤ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠪᠠᠭᠤᠯᠭᠠᠭᠰᠠᠨ ᠭᠤᠣᠯ ᠬᠤᠲᠠ ᠶᠢᠨ ᠲᠣᠭᠤᠷᠢᠭ ᠲᠤ ᠪᠣᠲᠠᠲᠤ ᠰᠣᠷᠢᠯᠲᠠ ᠬᠢᠬᠦ ᠪᠠᠷ ᠪᠠᠶᠢᠭ᠎ᠠ ᠮᠡᠳᠡᠭᠳᠡᠯ ᠢ ᠣᠯᠣᠭᠰᠠᠨ ᠤ ᠳᠠᠷᠠᠭ᠎ᠠ᠂ ᠭᠤᠣᠯ ᠬᠤᠲᠠ ᠶᠢᠨ ᠲᠣᠭᠤᠷᠢᠭ ᠤᠨ ᠡᠯ᠎ᠡ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠬᠢᠨ ᠸᠢᠴᠠᠲ ᠴᠣᠭᠯᠠᠷᠠᠯ᠂ ᠤᠲᠠᠰᠤ ᠪᠠᠷ ᠬᠠᠷᠢᠯᠴᠠᠬᠤ ᠪᠠ ᠲᠣᠣᠷ ᠤᠨ ᠠᠵᠢᠯᠲᠠᠨ ᠡᠷᠦᠬᠡ ᠳᠤ ᠣᠷᠣᠵᠤ ᠮᠡᠳᠡᠭᠳᠡᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠪᠥᠭᠡᠮ ᠬᠦᠴᠢᠯ ᠪᠠᠶᠢᠴᠠᠭᠠᠨ ᠰᠢᠯᠠᠭᠠᠬᠤ ᠬᠠᠮᠢᠶ᠎ᠠ ᠪᠦᠬᠦᠢ ᠤᠴᠢᠷ ᠶᠠᠪᠤᠳᠠᠯ ᠢ ᠳᠠᠮᠵᠢᠭᠤᠯᠤᠨ ᠮᠡᠳᠡᠭᠳᠡᠪᠡ᠃ ᠨᠡᠶᠢᠭᠡᠮ ᠲᠣᠭᠤᠷᠢᠭ ᠤᠨ ᠠᠵᠢᠯᠲᠠᠨ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠠᠵᠢᠯᠲᠠᠨ ᠡᠯ᠎ᠡ ᠵᠢᠵᠢᠭ ᠲᠣᠭᠤᠷᠢᠭ ᠤᠨ ᠥᠯᠢᠭᠡᠷ ᠠᠪᠬᠤ ᠭᠠᠵᠠᠷ ᠲᠤ ᠲᠦᠷᠭᠡᠨ ᠬᠦᠷᠴᠦ᠂ ᠮᠠᠶᠢᠬᠠᠨ ᠪᠣᠰᠬᠠᠨ᠂ ᠵᠢᠭᠠᠯᠲᠠ ᠲᠡᠮᠳᠡᠭ ᠲᠠᠯᠪᠢᠵᠤ᠂ ᠠᠬᠤᠢ ᠲᠠᠯᠠᠪᠠᠢ ᠳᠤ 1 ᠮᠧᠲᠷ ᠵᠠᠢ ᠶᠢᠨ ᠱᠤᠭᠤᠮ ᠲᠠᠲᠠᠵᠤ᠂ ᠲᠤᠰᠠᠭᠠᠷᠯᠠᠬᠤ ᠪᠦᠰᠡ᠂ ᠥᠯᠢᠭᠡᠷ ᠠᠪᠬᠤ ᠠᠵᠢᠯᠯᠠᠭᠠᠨ ᠤ ᠲᠠᠪᠴᠠᠩ ᠵᠡᠷᠭᠡ ᠶᠢ ᠪᠠᠶᠢᠷᠢᠯᠠᠭᠤᠯᠪᠠ᠃ 6 ᠰᠠᠷ᠎ᠠ ᠶᠢᠨ 9 ᠤ ᠡᠳᠦᠷ ᠤᠨ ᠥᠷᠯᠥᠭᠡ ᠶᠢᠨ 4 ᠴᠠᠭ ᠲᠤ᠂ ᠨᠡᠶᠢᠭᠡᠮ ᠲᠣᠭᠤᠷᠢᠭ ᠤᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠡᠮᠨᠡᠯᠭᠡ ᠶᠢᠨ ᠠᠵᠢᠯᠲᠠᠨ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠠᠵᠢᠯᠲᠠᠨ᠂ ᠰᠠᠶᠢᠨ ᠳᠣᠷᠠᠴᠣᠳ ᠵᠡᠷᠭᠡ ᠡᠯ᠎ᠡ ᠰᠠᠯᠠᠭ᠎ᠠ ᠮᠥᠴᠢᠷ ᠨᠢᠭᠡᠴᠡ ᠶᠢᠨ ᠠᠵᠢᠯᠲᠠᠨ ᠡᠭᠦᠷᠭᠡ ᠭᠦᠢᠴᠡᠳᠭᠡᠬᠦ ᠲᠣᠭᠤᠷᠢᠭ ᠲᠤ ᠪᠠᠨ ᠤᠷᠢᠳᠴᠢᠯᠠᠨ ᠬᠦᠷᠴᠦ᠂ ᠪᠣᠲᠠᠲᠤ ᠰᠣᠷᠢᠯᠲᠠ ᠬᠢᠬᠦ ᠡᠯ᠎ᠡ ᠵᠦᠢᠯ ᠤᠨ ᠪᠡᠯᠡᠳᠬᠡᠯ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠪᠡ᠃ ᠪᠥᠭᠡᠮ ᠬᠦᠴᠢᠯ ᠪᠠᠶᠢᠴᠠᠭᠠᠨ ᠰᠢᠯᠭᠠᠬᠤ ᠪᠣᠳᠠᠲᠤ  ᠰᠣᠷᠢᠯᠲᠠ ᠠᠴᠠ ᠡᠮᠦᠨ᠎ᠡ᠂ ᠬᠤᠰᠢᠭᠤᠨ ᠤ ᠭᠠᠵᠠᠷ ᠤᠨ ᠲᠠᠰ ᠤᠨ ᠤᠳᠤᠷᠢᠳᠤᠯᠭ᠎ᠠ ᠪᠦᠬᠦᠨ ᠡᠯ᠎ᠡ ᠨᠡᠶᠢᠭᠡᠮ ᠲᠣᠭᠤᠷᠢᠭ ᠤᠨ ᠥᠯᠢᠭᠡᠷ ᠠᠪᠬᠤ ᠴᠡᠭ ᠲᠤ ᠪᠠᠭᠤᠵᠤ᠂ ᠪᠡᠶ᠎ᠡ ᠪᠠᠷ ᠢᠶᠠᠨ ᠡᠮᠦᠨ᠎ᠡ ᠹᠷᠣᠨᠲ ᠲᠤ ᠬᠦᠷᠴᠦ ᠲᠤᠬᠠᠢ ᠶᠢᠨ ᠭᠠᠵᠠᠷ ᠲᠤᠨᠢ ᠱᠠᠭᠠᠷᠳᠠᠨ ᠪᠠᠶᠢᠴᠠᠭᠠᠵᠤ ᠵᠢᠭᠠᠨ ᠵᠢᠯᠣᠭᠤᠳᠪᠠ᠃ ᠥᠷᠯᠥᠭᠡ ᠶᠢᠨ 6 ᠴᠠᠭ ᠠᠴᠠ ᠡᠬᠢᠯᠡᠨ᠂ ᠲᠣᠭᠲᠠᠭᠰᠠᠨ ᠴᠠᠭ ᠲᠠᠭᠠᠨ ᠭᠤᠣᠯ ᠬᠤᠲᠠ ᠶᠢᠨ ᠲᠣᠭᠤᠷᠢᠭ ᠤᠨ ᠡᠯ᠎ᠡ ᠵᠢᠵᠢᠭ ᠲᠣᠭᠤᠷᠢᠭ ᠪᠠ ᠬᠤᠲᠠ ᠶᠢᠨ ᠳᠤᠲᠣᠷᠠᠬᠢ ᠵᠠᠮ ᠬᠠᠷᠢᠯᠴᠠᠭ᠎ᠠ ᠶᠢ ᠪᠢᠲᠡᠭᠦᠮᠵᠢᠯᠡᠨ ᠬᠠᠮᠢᠶᠠᠷᠴᠤ᠂ ᠪᠥᠬᠦ ᠬᠤᠰᠢᠭᠤᠨ ᠤ ᠭᠤᠣᠯ ᠬᠤᠲᠠ ᠶᠢᠨ ᠲᠣᠭᠤᠷᠢᠭ ᠤᠨ ᠡᠯ᠎ᠡ ᠪᠥᠭᠡᠮ ᠬᠦᠴᠢᠯ ᠪᠠᠶᠢᠴᠠᠭᠠᠨ ᠰᠢᠯᠭᠠᠬᠤ ᠥᠯᠢᠭᠡᠷ ᠠᠪᠬᠤ ᠴᠡᠭ ᠲᠤ ᠥᠯᠢᠭᠡᠷ ᠠᠪᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠪᠣᠳᠠᠲᠤ ᠰᠣᠷᠢᠯᠲᠠ ᠶᠢ ᠵᠢᠩᠬᠢᠨᠢ ᠪᠠᠷ ᠡᠬᠢᠯᠡᠭᠦᠯᠪᠡ᠃    ᠦᠯᠢᠭᠡᠷ ᠠᠪᠬᠤ ᠠᠬᠤᠢ ᠲᠠᠯᠠᠪᠠᠢ ᠳᠤ᠂ ᠨᠡᠶᠢᠭᠡᠮ ᠲᠣᠭᠤᠷᠢᠭ ᠤᠨ ᠠᠵᠢᠯᠲᠠᠨ ᠪᠠ ᠰᠠᠶᠢᠨ ᠳᠣᠷᠠᠴᠣᠳ ᠰᠠᠭᠤᠭᠠᠯᠢ ᠠᠷᠠᠳ ᠢ ᠢᠳᠡᠪᠬᠢᠲᠡᠢ ᠬᠥᠲᠥᠯᠥᠨ ᠵᠢᠯᠤᠭᠤᠳᠴᠤ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠯᠭᠡᠵᠦ᠂ ᠠᠮᠠᠪᠴᠢ ᠵᠡᠭᠦᠵᠦ ᠡᠮᠬᠢ ᠵᠢᠷᠤᠮ ᠲᠠᠢ ᠪᠠᠷ ᠦᠯᠢᠭᠡᠷ ᠠᠪᠬᠤ ᠲᠣᠭᠤᠷᠢᠭ ᠲᠤ ᠣᠷᠣᠵᠤ᠂ ︽ᠨᠢᠭᠡ ᠮᠧᠲᠷ ᠵᠠᠢ ᠲᠠᠢ ᠮᠦᠷᠯᠡᠨ ᠵᠣᠭᠰᠣᠭᠠᠵᠤ︾ ᠠᠮᠤᠷ ᠲᠦᠪᠰᠢᠨ ᠤ ᠵᠠᠢ ᠶᠢ ᠪᠠᠲᠤᠯᠠᠵᠤ᠂ ᠳᠡᠰ ᠳᠠᠷᠠᠭ᠎ᠠ ᠲᠠᠢ ᠪᠠᠷ ᠪᠡᠶ᠎ᠡ ᠶᠢᠨ ᠳᠤᠯᠠᠭᠠᠨ ᠢ ᠬᠡᠮᠵᠢᠬᠦ᠂ ︽ᠭᠤᠷᠪᠠᠨ ᠮᠡᠷᠭᠡᠨ ᠴᠣᠬᠤᠷ︾  ᠢ ᠨᠢ ᠪᠠᠶᠢᠴᠠᠭᠠᠨ ᠰᠢᠯᠭᠠᠵᠤ᠂ ᠪᠥᠭᠡᠮ ᠬᠦᠴᠢᠯ ᠤᠨ ᠦᠯᠢᠭᠡᠷ ᠠᠪᠬᠤ ᠵᠡᠷᠭᠡ ᠶᠢ  ᠶᠠᠪᠣᠭᠳᠠᠭᠤᠯᠪᠠ︔ ᠥᠯᠢᠭᠡᠷ ᠠᠪᠬᠤ ᠶᠢ ᠬᠠᠷᠢᠭᠤᠴᠠᠵᠤ ᠪᠠᠶᠢᠭ᠎ᠠ ᠡᠮᠨᠡᠯᠭᠡ ᠶᠢᠨ ᠠᠵᠢᠯᠲᠠᠳ ᠰᠠᠭᠤᠭᠠᠯᠢ ᠠᠷᠠᠳ ᠤᠨ ᠠᠮᠠᠨ ᠬᠦᠨᠳᠡᠢ ᠠᠴᠠ ᠦᠯᠢᠭᠡᠷ ᠠᠪᠴᠤ᠂ ᠵᠢᠴᠢ ᠠᠵᠢᠯ ᠤᠨ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠥᠯᠢᠭᠡᠷ ᠡᠳ᠋ ᠢ ᠬᠠᠳᠠᠭᠠᠯᠠᠬᠤ᠂ ᠳᠠᠮᠵᠢᠭᠤᠯᠤᠨ ᠲᠡᠭᠡᠭᠡᠪᠦᠷᠢᠯᠡᠬᠦ᠂ ᠬᠢᠨᠠᠨ ᠬᠡᠮᠵᠢᠬᠦ ᠵᠢᠴᠢ ᠡᠮᠴᠢᠯᠡᠭᠡᠨ ᠤ ᠬᠠᠶᠠᠭᠳᠠᠮᠠᠯ ᠪᠣᠳᠠᠰ ᠢ ᠵᠢᠷᠣᠮᠵᠢᠭᠤᠯᠣᠨ ᠰᠢᠢᠳᠪᠦᠷᠢᠯᠡᠬᠦ ᠠᠵᠢᠯ ᠢ ᠰᠠᠶᠢᠲᠣᠷ ᠬᠢᠪᠡ︔ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠠᠵᠢᠯᠲᠠᠨ ᠪᠥᠬᠦ ᠶᠠᠪᠤᠴᠠ ᠳᠤ ᠠᠬᠤᠢ ᠲᠠᠯᠠᠪᠠᠢ ᠶᠢᠨ ᠡᠮᠬᠢ ᠵᠢᠷᠤᠮ ᠢ ᠬᠠᠮᠠᠭᠠᠯᠠᠵᠤ᠂ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠮᠥᠷᠯᠡᠭᠦᠯᠦᠨ ᠥᠯᠢᠭᠡᠷ ᠠᠪᠤᠭᠤᠯᠬᠤ ᠶᠢᠨ ᠬᠠᠮᠲᠤ ᠴᠠᠭ ᠲᠤᠬᠠᠢ ᠳᠤᠨᠢ ᠲᠠᠯᠠᠪᠤᠷ ᠠᠴᠠ ᠭᠠᠷᠭᠠᠪᠠ᠃ ᠲᠣᠰ ᠤᠳᠠᠭᠠᠨ ᠤ ᠪᠣᠳᠠᠲᠤ ᠰᠣᠷᠢᠯᠲᠠ ᠳᠤ ᠣᠷᠳᠣ ᠬᠤᠭᠤᠴᠠᠭ᠎ᠠ ᠪᠠᠷ ᠡᠪᠡᠳᠴᠢᠨ ᠢᠶᠠᠷ ᠣᠷᠣ ᠳᠠᠭᠠᠨ ᠬᠡᠪᠲᠡᠵᠦ ᠪᠠᠶᠢᠭ᠎ᠠ᠂ ᠬᠥᠳᠡᠯᠵᠦ ᠪᠠᠷᠢᠬᠤ ᠳᠤ ᠳᠥᠭᠦᠮ ᠦᠭᠡᠢ ᠪᠤᠶᠤ ᠪᠤᠰᠤᠳ ᠰᠢᠯᠲᠠᠭᠠᠨ ᠠᠴᠠ ᠪᠣᠯᠵᠤ ᠪᠥᠭᠡᠮ ᠬᠦᠴᠢᠯ ᠤᠨ ᠥᠯᠢᠭᠡᠷ ᠠᠪᠬᠤ ᠭᠠᠵᠠᠷ ᠲᠤ ᠬᠦᠷᠴᠦ ᠥᠯᠢᠭᠡᠷ ᠠᠪᠴᠤ ᠳᠡᠶᠢᠯᠬᠦ ᠦᠭᠡᠢ ᠬᠥᠮᠥᠰ ᠲᠤ ᠰᠠᠭᠠᠳ ᠦᠭᠡᠢ ᠨᠡᠪᠲᠡᠷᠡᠬᠦ ᠵᠠᠮ ᠨᠡᠭᠡᠭᠡᠵᠦ᠂ ᠲᠤᠰᠬᠠᠶᠢᠯᠠᠨ ︽ᠨᠡᠭᠦᠳᠡᠯ ᠥᠯᠢᠭᠡᠷ ᠠᠪᠬᠤ ᠠᠩᠭᠢ︾ ᠲᠣᠬᠢᠷᠠᠭᠤᠯᠵᠤ᠂ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ ᠦᠢᠯᠡᠴᠢᠯᠡᠭᠡ ᠬᠠᠩᠭᠠᠵᠤ᠂ ︽ᠪᠠᠶᠢᠴᠠᠭᠠᠨ ᠰᠢᠯᠭᠠᠪᠠᠯ ᠵᠣᠬᠢᠪᠠᠰᠤ ᠪᠦᠬᠦᠨ ᠢ ᠪᠠᠶᠢᠴᠠᠭᠠᠨ ᠰᠢᠯᠭᠠᠵᠤ᠂ ᠨᠢᠭᠡ ᠡᠷᠦᠬᠡ᠂ ᠨᠢᠭᠡ ᠬᠥᠮᠥᠨ ᠢ ᠣᠷᠬᠢᠭᠳᠠᠭᠤᠯᠬᠤ ᠦᠭᠡᠢ︾ ᠪᠠᠶᠢᠬᠤ ᠶᠢ ᠪᠠᠲᠤᠯᠠᠪᠠ᠃    ᠨᠡᠶᠢᠭᠡᠮ ᠲᠣᠭᠤᠷᠢᠭ ᠤᠨ ᠠᠵᠢᠯᠲᠠᠨ᠂ ᠨᠠᠮ ᠤᠨ ᠭᠡᠰᠢᠭᠦᠨ ᠺᠠᠳ᠋ᠷ᠂  ᠨᠢᠩᠵᠢᠨ ᠰᠡᠳᠭᠢᠯᠲᠦ ᠰᠠᠶᠢᠨ ᠳᠣᠷᠠᠴᠣᠳ ᠂ ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠦᠪᠡᠷ ᠦᠪᠡᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠢᠭᠲᠠ ᠬᠠᠮᠵᠢᠯᠴᠠᠨ ᠬᠠᠮᠲᠤᠷᠠᠨ ᠠᠵᠢᠯᠯᠠᠪᠠ᠂ ᠬᠢᠵᠢᠭ ᠢ ᠰᠡᠷᠭᠡᠶᠢᠯᠡᠬᠦ ︽ᠹᠷᠣᠨᠲ ︾ ᠳᠡᠭᠡᠷᠡᠬᠢ ᠡᠯ᠎ᠡ ᠡᠩᠨᠡᠭᠡ ᠬᠢᠨ ᠪᠥᠬᠦ ᠬᠦᠮᠦᠰ ᠲᠤ ᠪᠥᠭᠡᠮ ᠬᠦᠴᠢᠯ ᠪᠠᠶᠢᠴᠠᠭᠠᠨ ᠰᠢᠯᠭᠠᠬᠤ ᠠᠵᠢᠯ ᠤᠨ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ᠂ ᠣᠨᠣᠴᠠᠲᠠᠢ ᠪᠥᠭᠡᠳ ᠥᠨᠳᠥᠷ ᠪᠦᠲᠦᠮᠵᠢᠲᠡᠶ ᠤᠷᠤᠭᠰᠢᠲᠠᠢ ᠶᠠᠪᠤᠭᠳᠠᠬᠤ ᠶᠢ ᠪᠠᠲᠤᠯᠠᠬᠤ ︽ᠭᠤᠣᠯᠯᠠᠭᠴᠢ ᠬᠦᠴᠦᠨ︾  ᠪᠣᠯᠪᠠ᠃    ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠲᠤ᠂ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠵᠡᠷᠭᠡ ᠬᠤᠰᠢᠭᠤᠨ ᠤ ᠤᠳᠤᠷᠢᠳᠤᠯᠭ᠎ᠠ ᠨᠠᠷ ᠡᠯ᠎ᠡ ᠥᠯᠢᠭᠡᠷ ᠠᠪᠬᠤ ᠴᠡᠭ ᠲᠤ ᠭᠦᠨᠵᠡᠭᠡᠶᠢᠷᠡᠨ ᠠᠬᠤᠢ ᠲᠠᠯᠠᠪᠠᠢ ᠳᠤ ︽ᠱᠠᠭᠠᠷᠳᠠᠨ ᠪᠠᠶᠢᠴᠠᠭᠠᠯᠲᠠ︾ ᠬᠢᠪᠡ᠃ ᠱᠣᠣ ᠶᠠᠨ ᠵᠢᠶᠦ᠋ᠨ ᠱᠦᠵᠢ ᠵᠢᠭᠠᠪᠤᠷᠢᠯᠠᠭᠰᠠᠨ ᠨᠢ᠂ ᠲᠣᠰ ᠤᠳᠠᠭ᠎ᠠ ᠪᠥᠬᠦ ᠬᠦᠮᠦᠰ ᠲᠤ ᠪᠥᠭᠡᠮ ᠬᠦᠴᠢᠯ ᠪᠠᠶᠢᠴᠠᠭᠠᠨ ᠰᠢᠯᠭᠠᠬᠤ ᠪᠣᠳᠠᠲᠤ ᠰᠣᠷᠢᠯᠲᠠ ᠶᠢ ᠥᠷᠨᠢᠭᠦᠯᠦᠭᠰᠡᠨ ᠨᠢ ᠪᠣᠳᠠᠲᠤ ᠳᠠᠶᠢᠨ ᠢᠶᠠᠷ ᠳᠠᠮᠵᠢᠨ ᠠᠰᠠᠭᠤᠳᠠᠯ ᠢ ᠢᠯᠡᠷᠡᠭᠦᠯᠵᠦ᠂ ᠠᠰᠠᠭᠤᠳᠠᠯ   ᠢ ᠰᠢᠢᠳᠪᠦᠷᠢᠯᠡᠨ᠂ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠥᠯᠥᠭᠡ ᠶᠤᠮ᠃ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠡᠨᠡ ᠤᠳᠠᠭ᠎ᠠ ᠶᠢᠨ ᠪᠣᠳᠠᠲᠤ ᠰᠣᠷᠢᠯᠲᠠ ᠶᠢ ᠦᠨᠡᠨᠬᠦ ︿ᠰᠤᠷᠢᠯᠲᠠ﹀ ᠪᠠᠷ ᠳᠠᠶᠢᠨ ᠪᠣᠯᠭᠠᠵᠤ᠂ ︿ᠰᠤᠷᠢᠯᠲᠠ﹀ ᠪᠠᠷ ᠴᠢᠳᠠᠪᠤᠷᠢ ᠪᠠᠨ ᠳᠡᠭᠡᠭᠰᠢᠯᠡᠭᠦᠯᠬᠦ ᠬᠠᠷᠠᠯᠲᠠ ᠶᠢ ᠪᠡᠶᠡᠯᠡᠭᠦᠯᠬᠦ ᠬᠡᠷᠡᠭᠲᠡᠢ᠃ ᠤᠯᠠᠨ ᠢᠶᠠᠷ ᠢᠶᠠᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠣᠯᠣᠨ ᠠᠮᠤᠷ ᠲᠦᠪᠰᠢᠨ ᠢ ᠪᠠᠲᠣᠯᠠᠬᠤ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠳᠠᠶᠢᠨ ᠳᠤ ᠣᠷᠣᠬᠤ ᠠᠴᠠ ᠡᠮᠦᠨᠡᠬᠢ ᠪᠠᠶᠢᠳᠠᠯ ᠢ ᠴᠠᠭ ᠢᠮᠠᠭᠲᠠ ᠪᠠᠲᠤᠯᠠᠵᠤ᠂ ᠬᠢᠵᠢᠭ ᠤᠨ ᠪᠠᠶᠢᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠪᠦᠲᠦᠮᠵᠢᠲᠡᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ ᠭᠡᠪᠡ᠃    ᠲᠣᠰ ᠤᠳᠠᠭᠠᠨ ᠤ ᠪᠥᠭᠡᠮ ᠬᠦᠴᠢᠯ ᠪᠠᠶᠢᠴᠠᠭᠠᠨ ᠰᠢᠯᠭᠠᠬᠤ ᠪᠣᠳᠠᠲᠤ ᠰᠣᠷᠢᠯᠲᠠ ᠳᠤ ᠨᠡᠶᠢᠲᠡ 161 ᠪᠥᠭᠡᠮ ᠬᠦᠴᠢᠯ ᠤᠨ ᠥᠯᠢᠭᠡᠷ ᠠᠪᠬᠤ ᠴᠡᠭ᠂ 267 ᠥᠯᠢᠭᠡᠷ ᠠᠪᠬᠤ ᠲᠠᠶᠢᠰᠠ  ᠲᠣᠬᠢᠷᠠᠭᠤᠯᠪᠠ᠂ 801 ᠡᠮᠴᠢ ᠰᠤᠪᠢᠯᠠᠭᠴᠢ᠂ 17 ᠳᠠᠮᠵᠢᠭᠤᠯᠣᠨ ᠲᠡᠭᠡᠭᠡᠪᠦᠷᠢᠯᠡᠬᠦ ᠲᠡᠷᠭᠡ ᠲᠣᠬᠢᠷᠠᠭᠤᠯᠵᠤ᠂ 4 ᠪᠥᠭᠡᠮ ᠬᠦᠴᠢᠯ ᠪᠠᠶᠢᠴᠠᠭᠠᠨ ᠰᠢᠯᠭᠠᠬᠤ ᠪᠠᠶᠢᠭᠤᠯᠤᠮᠵᠢ᠂ 40 ᠪᠥᠭᠡᠮ ᠬᠦᠴᠢᠯ ᠪᠠᠶᠢᠴᠠᠭᠠᠨ ᠰᠢᠯᠭᠠᠬᠤ ᠮᠡᠷᠭᠡᠵᠢᠯ ᠤᠨ ᠠᠵᠢᠯᠲᠠᠨ ᠣᠷᠣᠯᠴᠠᠪᠠ᠂ ᠲᠣᠰ ᠤᠳᠠᠭᠠᠨ ᠤ ᠰᠣᠷᠢᠯᠲᠠ ᠳᠤ ᠨᠡᠶᠢᠲᠡ 100768 ᠬᠦᠮᠦᠰ ᠠᠴᠠ ᠪᠥᠭᠡᠮ ᠬᠦᠴᠢᠯ ᠰᠢᠯᠭᠠᠬᠤ ᠥᠯᠢᠭᠡᠷ ᠡᠳ᠋ ᠴᠤᠭᠯᠠᠭᠤᠯᠵᠤ᠂ 10 ᠤ ᠡᠳᠦᠷ ᠤᠨ ᠥᠷᠯᠥᠭᠡ ᠶᠢᠨ 2 ᠴᠠᠭ 10 ᠮᠢᠨᠦ᠋ᠲ ᠪᠣᠯᠲᠠᠯ᠎ᠠ ᠪᠦᠬᠦᠨ ᠢ ᠪᠠᠶᠢᠴᠠᠭᠠᠨ ᠰᠢᠯᠭᠠᠵᠤ ᠳᠠᠭᠤᠰᠪᠠ᠂ ᠡᠭᠦᠨ ᠤ ᠳ᠋ᠦᠩ ᠳᠤ ᠴᠥᠮ ᠪᠢᠯᠢᠭ ᠴᠢᠨᠠᠷᠲᠠᠢ ᠪᠠᠶᠢᠪᠠ᠃                       ᠡᠷᠡᠭᠦᠯ ᠡᠩᠬᠡ ᠵᠠᠷᠣᠳ ᠨᠡᠶᠢᠲᠡᠯᠡᠯ                      2022 ᠣᠨ ᠤ 6 ᠰᠠᠷ᠎ᠠ ᠶᠢᠨ 10 ᠤ ᠡᠳᠦᠷ
 
ᠢᠷᠡᠯᠲᠡ᠄ ᠡᠷᠡᠭᠦᠯ ᠡᠩᠬᠡ ᠵᠠᠷᠣᠳ ᠨᠡᠶᠢᠲᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号