ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠶᠡᠭᠡ ᠬᠡᠷᠡᠭ ᠶᠠᠪᠣᠳᠠᠯ ᠤᠨ ᠲᠡᠮᠳᠡᠭᠯᠡᠯ ︵2022 ᠣᠨ ᠤ 5 ᠰᠠᠷ᠎ᠠ︶
ᠨᠡᠶᠢᠲᠡᠯᠡᠭᠰᠡᠨ ᠴᠠᠭ᠄
2022/6/10
    5 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠴᠢᠪᠠᠭᠠᠲᠤ ᠰᠤᠮᠤ᠂ ᠦᠯᠵᠡᠶᠢᠮᠦ᠋ᠷᠡᠨ ᠰᠤᠮᠤᠨ ᠳᠤ ᠪᠠᠶᠢᠴᠠᠭᠠᠨ ᠰᠤᠳᠣᠯᠵᠤ ᠵᠢᠭᠠᠨ  ᠵᠢᠯᠣᠭᠤᠳᠴᠤ ᠵᠢᠴᠢ ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    5 ᠰᠠᠷ᠎ᠠ ᠶᠢᠨ 2 ᠤ ᠡᠳᠦᠷ ᠠᠴᠠ 3 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠭᠡᠷᠴᠢᠯᠠᠭᠤ ᠰᠤᠮᠤ᠂ ᠪᠠᠶᠠᠷᠲᠤᠬᠤᠰᠢᠭᠤ ᠪᠠᠯᠭᠠᠰᠤ᠂ ᠤᠯᠠᠭᠠᠨᠬᠠᠳᠠ ᠰᠤᠮᠤ᠂ ᠠᠷᠤ ᠬᠥᠨᠳᠡᠯᠡᠨ ᠪᠠᠯᠭᠠᠰᠤ᠂  ᠵᠠᠬᠠᠨᠠᠭᠤᠷ ᠠᠵᠤ ᠦᠢᠯᠡᠰ ᠤᠨ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    5 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠯᠦᠪᠸᠢ ᠠᠵᠤ ᠦᠢᠯᠡᠰ ᠤᠨ ᠲᠣᠭᠤᠷᠢᠭ ᠲᠤ ᠬᠦᠷᠴᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠪᠠᠲᠤ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    5 ᠰᠠᠷ᠎ᠠ ᠶᠢᠨ 5 ᠤ ᠡᠳᠦᠷ᠂ ᠮᠠᠨ ᠤ ᠬᠤᠰᠢᠭᠤ ᠭᠢᠷᠢᠨ ᠢ ᠳᠡᠮᠵᠢᠨ ᠲᠣᠰᠠᠯᠠᠭᠰᠠᠨ ᠡᠮᠨᠡᠯᠭᠡ ᠶᠢᠨ ᠠᠩᠭᠢ ᠶᠢᠨ 10 ᠡᠮᠴᠢ ᠰᠤᠪᠢᠯᠠᠭᠴᠢ ᠶᠢ ᠤᠭᠲᠤᠬᠤ ᠶᠣᠰᠣᠯᠠᠯ ᠶᠠᠪᠤᠭᠤᠯᠪᠠ᠃ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠶᠣᠰᠣᠯᠠᠯ ᠳᠤ ᠣᠷᠣᠯᠴᠠᠪᠠ᠃    5 ᠰᠠᠷ᠎ᠠ ᠶᠢᠨ 5 ᠤ ᠡᠳᠦᠷ᠂ ᠮᠠᠨ ᠤ ᠬᠤᠰᠢᠭᠤ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ᠂ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠬᠤᠷᠠᠯ ᠳᠤ ᠣᠷᠣᠯᠴᠠᠪᠠ᠃    5 ᠰᠠᠷ᠎ᠠ ᠶᠢᠨ 6 ᠤ ᠡᠳᠦᠷ᠂ ᠮᠠᠨ ᠤ ᠬᠤᠰᠢᠭᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠬᠦ ᠠᠵᠢᠯ ᠤᠨ ᠪᠠᠶᠢᠷᠢᠯᠠᠭᠤᠯᠤᠯᠲᠠ ᠵᠢᠴᠢ ᠪᠣᠯᠪᠠᠰᠤᠷᠠᠭᠤᠯᠤᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠤᠰᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠯᠢᠦ ᠶᠣᠣ ᠬᠤᠷᠠᠯ ᠳᠤ ᠣᠷᠣᠯᠴᠠᠪᠠ᠃    5 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠲᠦᠩᠯᠢᠶᠣᠣ ᠬᠤᠲᠠ ᠶᠢᠨ ᠮᠧᠩ ᠳ᠋ᠦᠩ ᠬᠠᠲᠠᠭᠤ ᠪᠡᠶᠡᠲᠦ  ᠬᠠᠶᠠᠭᠳᠠᠮᠠᠯ ᠪᠣᠳᠠᠰ ᠢ ᠰᠢᠢᠳᠪᠦᠷᠢᠯᠡᠬᠦ ᠬᠢᠵᠠᠭᠠᠷᠲᠤ ᠺᠣᠮᠫᠠᠨᠢ᠂ ᠵᠠᠷᠤᠳ ᠬᠤᠰᠢᠭᠤᠨ ᠤ ᠲᠠᠢ ᠫᠢᠩ ᠱᠠᠨ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠯᠦᠪᠸᠢ ᠠᠵᠤ ᠦᠢᠯᠡᠰ ᠤᠨ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃    5 ᠰᠠᠷ᠎ᠠ ᠶᠢᠨ 6 ᠤ ᠡᠳᠦᠷ᠂ 2022 ᠣᠨ ᠤ ᠡᠷᠦᠬᠡ ᠶᠢᠨ ᠴᠡᠷᠢᠭ ᠤᠨ ᠪᠠᠶᠢᠭᠤᠯᠤᠯᠲᠠ ᠶᠢᠨ ᠠᠵᠢᠯ ᠤᠨ ᠡᠭᠦᠷᠭᠡ ᠶᠢ ᠪᠠᠶᠢᠷᠢᠯᠠᠭᠤᠯᠬᠤ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ᠂  ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ ᠬᠤᠷᠠᠯ ᠳᠤ ᠣᠷᠣᠯᠴᠠᠪᠠ᠃    5 ᠰᠠᠷ᠎ᠠ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠪᠥᠬᠦ ᠬᠤᠰᠢᠭᠤᠨ ᠤ ᠣᠶ ᠰᠢᠭᠤᠢ ᠨᠣᠲᠤᠭ ᠪᠡᠯᠴᠢᠭᠡᠷ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ ᠬᠤᠷᠠᠯ ᠳᠤ ᠣᠷᠣᠯᠴᠠᠪᠠ᠃    5 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠢ ᠲᠠᠷᠢᠶᠠᠯᠠᠭ᠎ᠠ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠳᠠᠷᠤᠭ᠎ᠠ ᠯᠦ ᠵᠠᠨ ᠶᠤᠸᠠᠨ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠣᠯᠵᠤ ᠬᠢᠨᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    5 ᠰᠠᠷ᠎ᠠ ᠶᠢᠨ 10 ᠤ ᠡᠳᠦᠷ᠂ ᠮᠠᠨ ᠤ ᠬᠤᠰᠢᠭᠤ ︽ᠵᠠᠭᠤᠨ ᠴᠢᠳᠠᠪᠤᠷᠢᠲᠠᠨ ᠢ ᠲᠣᠭᠤᠷᠢᠭ ᠲᠤ ᠣᠷᠣᠭᠤᠯᠬᠤ᠂ ᠮᠢᠩᠭᠠᠨ ᠴᠢᠳᠠᠪᠤᠷᠢᠲᠠᠨ ᠢ ᠦᠨᠳᠦᠰᠦᠨ ᠱᠠᠲᠤᠨ ᠳᠤ ᠬᠦᠷᠭᠡᠬᠦ᠂ ᠲᠦᠮᠡᠨ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠳᠤ ᠲᠣᠰᠠᠯᠠᠭᠤᠯᠬᠤ︾ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠳ᠋ᠢᠩ ᡁᠢ ᠭᠠᠩ ᠬᠤᠷᠠᠯ ᠳᠤ ᠣᠷᠣᠯᠴᠠᠪᠠ᠃    5 ᠰᠠᠷ᠎ᠠ ᠶᠢᠨ 11 ᠤ ᠡᠳᠦᠷ᠂ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠯᠢᠩ ᠮᠠᠨ ᠤ ᠬᠤᠰᠢᠭᠤᠨ ᠳᠤ  ᠢᠷᠡᠵᠦ ᠪᠠᠶᠢᠴᠠᠭᠠᠨ ᠰᠤᠳᠣᠯᠵᠤ ᠵᠢᠭᠠᠨ ᠵᠢᠯᠣᠭᠤᠳᠪᠠ᠃ ᠳᠡᠳ᠋ ᠬᠤᠰᠢᠭᠤᠨ ᠳᠠᠷᠤᠭ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    5 ᠰᠠᠷ᠎ᠠ ᠶᠢᠨ 10 ᠤ ᠡᠳᠦᠷ ᠠᠴᠠ 11 ᠤ ᠡᠳᠦᠷ ᠪᠣᠯᠲᠠᠯ᠎ᠠ᠂ ᠲᠦᠩᠯᠢᠶᠣᠣ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠪᠦᠦ ᠯᠠᠨ ᠹᠠᠩ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠳᠠᠭᠠᠭᠤᠯᠤᠨ᠂ ᠵᠠᠷᠤᠳ ᠬᠤᠰᠢᠭᠤᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠢ ᠲᠤᠤᠱᠯᠠᠭᠤᠯᠤᠨ ᠨᠡᠶᠢᠲᠡᠪᠣᠷᠢᠵᠢᠭᠤᠯᠣᠭᠰᠠᠨ ᠬᠠᠮᠢᠶ᠎ᠠ ᠪᠦᠬᠦᠢ ᠠᠵᠢᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠪᠡ᠃ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠪᠠᠷ᠎ᠠ ᠪᠣᠯᠵᠤ ᠪᠠᠶᠢᠴᠠᠭᠠᠪᠠ᠃    5 ᠰᠠᠷ᠎ᠠ ᠶᠢᠨ 11 ᠤ ᠡᠳᠦᠷ᠂ 2022 ᠣᠨ ᠤ ᠵᠠᠷᠤᠳ ᠬᠤᠰᠢᠭᠤᠨ ᠤ ᠬᠤᠣᠷ ᠴᠠᠭᠠᠵᠠᠯᠠᠬᠤ ᠠᠵᠢᠯ ᠤᠨ ᠬᠤᠷᠠᠯ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠢᠯᠢ ᠠᠯᠤᠰᠯᠠᠨ ᠵᠣᠭᠤᠰ ᠨᠠᠭᠠᠳᠬᠤ ᠳᠤ ᠴᠣᠬᠢᠯᠲᠠ ᠥᠭᠴᠦ ᠵᠠᠰᠠᠬᠤ ᠠᠵᠢᠯ ᠤᠨ ᠬᠤᠷᠠᠯ᠂ ᠪᠥᠬᠦ ᠬᠤᠰᠢᠭᠤᠨ ᠤ ᠫᠤᠤ ᠵᠡᠪᠰᠡᠭ ᠳᠡᠯᠪᠡᠴᠢᠬᠦ ᠡᠳ᠋ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠬᠠᠮᠲᠤᠷᠠᠭᠰᠠᠨ ᠬᠤᠷᠠᠯ᠂ ᠪᠥᠬᠦ ᠬᠤᠰᠢᠭᠤᠨ ᠤ ︽ᠡᠮᠡᠭᠲᠡᠶᠢᠴᠦᠳ ᠬᠡᠦᠬᠡᠳ ᠢ ᠮᠡᠬᠡᠯᠡᠨ ᠬᠤᠳᠠᠯᠳᠤᠬᠤ ᠶᠢ ᠡᠰᠡᠷᠭᠦᠴᠡᠬᠦ︾  ᠬᠠᠮᠲᠤᠷᠠᠭᠰᠠᠨ ᠬᠤᠷᠠᠯ ᠬᠢᠪᠡ᠃  ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    5 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠪᠥᠬᠦ ᠬᠤᠰᠢᠭᠤᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠤᠷᠠᠯ ᠢ ᠡᠷᠭᠢᠯᠡᠨ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠤᠰᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠯᠢᠦ ᠶᠣᠣ ᠬᠤᠷᠠᠯ ᠳᠤ ᠣᠷᠣᠯᠴᠠᠪᠠ᠃    5 ᠰᠠᠷ᠎ᠠ ᠶᠢᠨ 13 ᠤ ᠡᠳᠦᠷ᠂ ᠮᠠᠨ ᠤ ᠬᠤᠰᠢᠭᠤ ᠰᠣᠶᠣᠯ ᠪᠠ ᠵᠢᠭᠤᠯᠴᠢᠯᠠᠯ ᠤᠨ ᠠᠵᠢᠯ ᠤᠨ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    5 ᠰᠠᠷ᠎ᠠ ᠶᠢᠨ 13 ᠤ ᠡᠳᠦᠷ᠂ 32 ᠳ᠋ᠤᠭᠠᠷ ᠤᠳᠠᠭ᠎ᠠ ᠶᠢᠨ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠵᠢᠴᠢ ᠵᠠᠷᠤᠳ ᠬᠤᠰᠢᠭᠤᠨ ᠤ ᠵᠡᠮᠳᠡᠭᠴᠦᠳ ᠤᠨ ᠦᠢᠯᠡᠰ ᠪᠣᠰᠬᠠᠬᠤ ᠠᠵᠢᠯ ᠣᠯᠭᠤᠬᠤ ᠰᠠᠭᠤᠷᠢᠨ ᠤ ᠫᠠᠶᠢᠰᠠ ᠰᠡᠬᠦᠬᠦ ᠶᠣᠰᠣᠯᠠᠯ ᠶᠠᠪᠤᠭᠳᠠᠪᠠ᠃ ᠳᠡᠳ᠋ ᠬᠤᠰᠢᠭᠤᠨ ᠳᠠᠷᠤᠭ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ ᠫᠠᠶᠢᠰᠠ ᠰᠡᠬᠦᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃    5 ᠰᠠᠷ᠎ᠠ ᠶᠢᠨ 13 ᠤ ᠡᠳᠦᠷ᠂ ᠳᠡᠳ᠋ ᠬᠤᠰᠢᠭᠤᠨ ᠳᠠᠷᠤᠭ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ ᠪᠥᠬᠦ ᠬᠤᠰᠢᠭᠤᠨ ᠤ ᠵᠢᠭᠤᠯᠴᠢᠯᠠᠯ ᠤᠨ ᠠᠵᠢᠯ ᠲᠥᠷᠥᠯ ᠤᠨ  ᠰᠠᠭᠤᠳᠠᠯ ᠤᠨ ᠬᠤᠷᠠᠯ ᠳᠤ ᠣᠷᠣᠯᠴᠠᠪᠠ᠃    5 ᠰᠠᠷ᠎ᠠ ᠶᠢᠨ 19 ᠤ ᠡᠳᠦᠷ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠪᠠ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ ᠠᠵᠤ ᠦᠢᠯᠡᠳᠪᠦᠷᠢ ᠶᠢᠨ ᠲᠣᠭᠤᠷᠢᠭ ᠤᠨ ᠶᠡᠷᠦᠩᠬᠡᠢ ᠲᠥᠯᠦᠪᠵᠢᠭᠦᠯᠭᠡ ᠶᠢ ᠵᠠᠰᠠᠨ ᠨᠠᠶᠢᠷᠠᠭᠤᠯᠬᠤ ᠠᠵᠢᠯ ᠤᠨ ᠰᠠᠭᠤᠳᠠᠯ ᠤᠨ ᠬᠤᠷᠠᠯ ᠳᠤ ᠣᠷᠣᠯᠴᠠᠪᠠ᠃    5 ᠰᠠᠷ᠎ᠠ ᠶᠢᠨ 19 ᠤ ᠡᠳᠦᠷ᠂ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠨ ᠪᠡᠭᠡᠵᠢᠩ ᠤᠨ ᠬᠤᠸᠠ ᠲᠠᠢ ᠳ᠋ᠠ ᠺᠧ ᠰᠢᠨᠵᠢᠯᠡᠭᠡ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠬᠢᠨ ᠲᠠᠢ ᠴᠠᠬᠢᠯᠭᠠᠨ ᠬᠥᠳᠡᠯᠭᠡᠭᠦᠷᠲᠦ ᠬᠦᠨᠳᠦ ᠠᠴᠢᠶᠠᠨ ᠤ ᠮᠠᠰᠢᠨ ᠤ ᠲᠥᠷᠥᠯ ᠵᠦᠢᠯ ᠳᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠪᠠ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ ᠬᠤᠷᠠᠯ ᠳᠤ ᠣᠷᠣᠯᠴᠠᠪᠠ᠃    5 ᠰᠠᠷ᠎ᠠ ᠶᠢᠨ 19 ᠤ ᠡᠳᠦᠷ᠂ ᠪᠦᠬᠦ ᠬᠤᠰᠢᠭᠤᠨ ᠤ ᠨᠠᠮ ᠤᠨ ᠬᠤᠷᠢᠳᠤᠭᠠᠷ ᠶᠡᠭᠡ ᠬᠤᠷᠠᠯ ᠢ ᠣᠭᠲᠣᠬᠤ ᠲᠣᠭᠲᠠᠭᠤᠨ ᠢ ᠪᠠᠲᠣᠯᠠᠬᠤ ᠠᠮᠤᠷ ᠢ ᠬᠠᠮᠠᠭᠠᠯᠠᠬᠤ ᠠᠵᠢᠯ ᠤᠨ ᠪᠠᠶᠢᠷᠢᠯᠠᠭᠤᠯᠤᠯᠲᠠ ᠠᠬᠢᠭᠤᠯᠬᠤ ᠬᠤᠷᠠᠯ ᠵᠢᠴᠢ ᠨᠠᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠵᠠᠷᠣᠳ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ ᠬᠤᠷᠠᠯ ᠳᠤ ᠣᠷᠣᠯᠴᠠᠪᠠ᠃    5 ᠰᠠᠷ᠎ᠠ ᠶᠢᠨ 19 ᠤ ᠡᠳᠦᠷ᠂ ᠵᠠᠷᠤᠳ ᠬᠤᠰᠢᠭᠤᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠤᠬᠠᠭᠤᠯᠤᠨ ᠲᠤᠤᠱᠯᠠᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤᠨ ᠳᠠᠷᠤᠭ᠎ᠠ᠂ ᠤᠰᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠯᠢᠦ ᠶᠣᠣ ᠬᠤᠷᠠᠯ ᠳᠤ ᠣᠷᠣᠯᠴᠠᠪᠠ᠃    5 ᠰᠠᠷ᠎ᠠ ᠶᠢᠨ 19 ᠠᠴᠠ 20 ᠤ ᠡᠳᠦᠷ ᠪᠣᠯᠲᠠᠯ᠎ᠠ᠂ ᠲᠦᠩᠯᠢᠶᠣᠣ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠸᠠᠩ ᠴᠢᠦ᠋ᠩ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠮᠠᠨ ᠤ ᠬᠤᠰᠢᠭᠤᠨ ᠳᠤ ᠢᠷᠡᠵᠦ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠣᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃   5 ᠰᠠᠷ᠎ᠠ ᠶᠢᠨ 20 ᠤ ᠡᠳᠦᠷ᠂ ᠳᠡᠳ᠋ ᠬᠤᠰᠢᠭᠤᠨ ᠳᠠᠷᠤᠭ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ 2022 ᠣᠨ ᠤ ︽ᠰᠢᠨᠵᠢᠯᠡᠭᠡ ᠮᠡᠷᠭᠡᠵᠢᠯ ᠤᠨ ᠠᠵᠢᠯᠯᠠᠭ᠎ᠠ ᠶᠢᠨ ᠭᠠᠷᠠᠭ︾ ᠵᠢᠴᠢ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢᠨ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    5 ᠰᠠᠷ᠎ᠠ ᠶᠢᠨ 20 ᠤ ᠡᠳᠦᠷ᠂ ᠪᠥᠬᠦ ᠬᠤᠰᠢᠭᠤᠨ ᠤ ︽ᠬᠤᠶᠠᠷ ᠢ ᠲᠠᠰᠢᠷᠠᠮ ᠰᠣᠭᠤᠴᠢᠬᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠵᠢᠴᠢ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠬᠤ ᠪᠠ ᠬᠠᠮᠲᠤ ᠪᠠᠷ ᠡᠳ᠋ᠯᠡᠬᠦ ᠠᠵᠢᠯ ᠤᠨ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠳ᠋ᠢᠩ ᡁᠢ ᠭᠠᠩ ᠬᠤᠷᠠᠯ ᠳᠤ ᠣᠷᠣᠯᠴᠠᠪᠠ᠃    5 ᠰᠠᠷ᠎ᠠ ᠶᠢᠨ 20 ᠤ ᠡᠳᠦᠷ᠂ 2022 ᠣᠨ ᠤ ᠵᠠᠷᠤᠳ ᠬᠤᠰᠢᠭᠤᠨ ᠤ ᠢᠳᠡᠭᠡᠨ ᠤ ᠠᠮᠤᠷ ᠲᠦᠪᠰᠢᠨ ᠤ ᠠᠵᠢᠯ ᠤᠨ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠳ᠋ᠢᠩ ᡁᠢ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    5 ᠰᠠᠷ᠎ᠠ ᠶᠢᠨ 22 ᠤ ᠡᠳᠦᠷ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ ︽ᠭᠡᠭᠡᠨ ᠰᠠᠷᠠᠭᠤᠯ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠤᠷᠠᠯ ᠢ ᠡᠷᠭᠢᠯᠡᠨ ᠬᠢᠪᠡ᠃    5 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠶᠣᠣ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ︽ᠪᠣᠯᠪᠠᠰᠤᠨ ᠪᠦᠯᠬᠦᠮᠳᠡᠯ ᠤᠨ ᠬᠡᠲᠦ ᠳᠡᠯᠭᠡᠭᠦᠷ︾ ᠤᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃    5 ᠰᠠᠷ᠎ᠠ ᠶᠢᠨ 26 ᠤ ᠡᠳᠦᠷ᠂ ᠵᠠᠷᠤᠳ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠰᠤᠷᠪᠤᠯᠵᠢᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠲᠣᠬᠤᠨᠢᠭᠤᠯᠤᠯᠲᠠ ᠬᠢᠬᠦ ᠳᠤ ᠣᠷᠣᠯᠴᠠᠪᠠ᠃    5 ᠰᠠᠷ᠎ᠠ ᠶᠢᠨ 28 ᠤ ᠡᠳᠦᠷ᠂ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠭᠦᠸᠧ ᠢᠦᠢ ᠹᠧᠩ ᠮᠠᠨ ᠤ ᠬᠤᠰᠢᠭᠤᠨ ᠳᠤ ᠢᠷᠡᠵᠦ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠯᠢ ᠶᠦᠩ ᠬᠠᠢ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠳ᠋ᠦᠩ ᠭᠤᠸᠠᠩ ᠢᠦᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    5 ᠰᠠᠷ᠎ᠠ ᠶᠢᠨ 31 ᠤ ᠡᠳᠦᠷ᠂ ᠲᠦᠩᠯᠢᠶᠣᠣ ᠬᠤᠲᠠ ᠶᠢᠨ ᠠᠮᠢ ᠠᠬᠤᠢ ᠶᠢᠨ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠤᠨ ᠱᠠᠭᠠᠷᠳᠠᠨ ᠪᠠᠶᠢᠴᠠᠭᠠᠬᠤ ᠳᠤᠭᠤᠶᠢᠯᠠᠩ ᠬᠢᠨ ᠮᠠᠨ ᠤ ᠬᠤᠰᠢᠭᠤᠨ ᠳᠤ ᠢᠷᠡᠵᠦ ᠲᠤᠬᠠᠢ ᠶᠢᠨ ᠭᠠᠵᠠᠷ ᠲᠤᠨᠢ ᠱᠠᠭᠠᠷᠳᠠᠨ ᠪᠠᠶᠢᠴᠠᠭᠠᠬᠤ ᠶᠢᠨ ᠬᠠᠮᠲᠤ ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠤᠰᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠯᠢᠦ ᠶᠣᠣ ᠬᠤᠷᠠᠯ ᠳᠤ ᠣᠷᠣᠯᠴᠠᠪᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号