| 6 ᠰᠠᠷ᠎ᠠ ᠶᠢᠨ 12 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠵᠢᠷᠦᠬᠡ | ᠪᠠᠯᠭᠠᠰᠤᠨ ᠳᠤ ᠬᠦᠷᠴᠦ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ | ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ | ᠯᠢᠦ ᠶᠣᠣ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠳᠡᠳ᠋ ᠡᠷᠬᠢᠯᠡᠭᠴᠢ ᠼᠦᠢ ᠯᠧᠢ ᠯᠧᠢ ᠪᠠᠷ᠎ᠠ ᠪᠣᠯᠵᠤ ᠪᠠᠶᠢᠴᠠᠭᠠᠨ ᠰᠤᠳᠣᠯᠪᠠ᠃ ᠱᠤᠤ ᠶᠠᠨ ᠵᠢᠶᠦ᠋ᠨ ᠬᠠᠮᠲᠤ | ᠶᠠᠪᠣᠭᠰᠠᠳ ᠲᠠᠢ ᠪᠠᠨ ᠤᠷᠢᠳ ᠬᠤᠵᠢᠳ ᠵᠢᠷᠦᠬᠡ ᠪᠠᠯᠭᠠᠰᠤ ᠶᠢᠨ ᠰᠢ ᠠᠨ ᠲᠣᠰᠬᠤᠨ ᠤ ᠰᠣ᠋ ᠬᠤᠩ ᠱᠧᠩ ᠤᠨ | ᠭᠡᠷ ᠪᠦᠯᠢ ᠶᠢᠨ ᠮᠠᠯᠵᠢᠯ ᠤᠨ ᠲᠠᠯᠠᠪᠠᠢ᠂ ᠰᠢᠩ ᠯᠦᠩ ᠳ᠋ᠢ ᠲᠣᠰᠬᠤᠨ ᠤ ᠶᠠᠨ ᠰᠢᠤᠸᠠᠢ ᠶᠢᠨ ᠲᠡᠵᠢᠭᠡᠪᠦᠷᠢ ᠶᠢᠨ | ᠲᠠᠯᠠᠪᠠᠢ᠂ ᠵᠢᠷᠦᠬᠡ ᠲᠣᠰᠬᠤᠨ ᠤ ᠰᠢᠩ ᠮᠢᠨ ᠮᠠᠯ ᠠᠵᠤ ᠠᠬᠤᠢ ᠲᠡᠵᠢᠭᠡᠪᠦᠷᠢ ᠶᠢᠨ ᠲᠤᠰᠬᠠᠢ ᠬᠤᠷᠰᠢᠶ᠎ᠠ ᠵᠡᠷᠭᠡ | ᠭᠠᠵᠠᠷ ᠲᠤ ᠬᠦᠷᠴᠦ᠂ ᠲᠡᠵᠢᠭᠡᠪᠦᠷᠢ ᠶᠢᠨ ᠬᠡᠪᠴᠢᠶ᠎ᠡ᠂ ᠫᠧᠩ ᠰᠠᠷᠠᠪᠴᠢ ᠶᠢᠨ ᠪᠦᠲᠦᠭᠡᠨ ᠪᠠᠶᠢᠭᠤᠯᠤᠯᠲᠠ᠂ ᠡᠭᠦᠯᠳᠡᠷ | ᠰᠠᠶᠢᠵᠢᠷᠠᠭᠤᠯᠬᠤ᠂ ᠠᠵᠤ ᠠᠬᠤᠢ ᠶᠢᠨ ᠦᠷ᠎ᠡ ᠠᠰᠢᠭ᠂ ᠳᠠᠶᠢᠴᠢᠯᠠᠬᠤ ᠦᠢᠯᠡᠳᠦᠯ ᠵᠡᠷᠭᠡ ᠪᠠᠶᠢᠳᠠᠯ ᠢ ᠲᠤᠬᠠᠢ ᠶᠢᠨ | ᠭᠠᠵᠠᠷ ᠲᠤᠨᠢ ᠪᠠᠶᠢᠴᠠᠭᠠᠨ ᠰᠤᠳᠤᠯᠵᠤ ᠣᠶᠢᠯᠠᠭᠠᠵᠤ᠂ ᠵᠢᠴᠢ ᠪᠥᠬᠦ ᠪᠠᠯᠭᠠᠰᠤᠨ ᠤ ᠦᠬᠡᠷ ᠤᠨ ᠠᠵᠤ ᠦᠢᠯᠡᠰ ᠤᠨ | ᠰᠢᠨᠵᠢᠯᠡᠬᠦ ᠤᠬᠠᠭᠠᠨᠴᠢ ᠪᠠᠷ ᠲᠡᠵᠢᠭᠡᠬᠦ᠂ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ᠂ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠤᠯᠠᠮ ᠨᠢᠭᠡ ᠠᠯᠬᠤᠮ ᠪᠡᠶᠡᠯᠡᠭᠦᠯᠬᠦ ᠵᠡᠷᠭᠡ ᠲᠠᠯ᠎ᠠ ᠪᠠᠷ | ᠵᠢᠯᠤᠭᠤᠳᠬᠤ ᠴᠢᠨᠠᠷᠲᠠᠢ ᠰᠠᠨᠠᠯ ᠪᠠ ᠰᠠᠨᠠᠭᠤᠯᠭ᠎ᠠ ᠳᠤᠷᠠᠳᠪᠠ᠃ | |