ᠵᠠᠷᠤᠳ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠬᠢᠨ ᠰᠢᠶᠠᠩᠱᠠᠨ ᠪᠠᠯᠭᠠᠰᠤᠨ ᠳᠤ ᠬᠦᠷᠴᠦ ᠣᠣᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/6/13
   ᠣᠶᠢᠷ᠎ᠠ ᠳᠤ᠂ ᠬᠤᠰᠢᠭᠤᠨ ᠤ ᠤᠰᠤᠨ ᠶᠠᠪᠤᠳᠠᠯ ᠤᠨ ᠲᠣᠪᠴᠢᠶ᠎ᠠ ᠬᠢᠨ ᠰᠢᠶᠠᠩᠱᠠᠨ ᠪᠠᠯᠭᠠᠰᠤᠨ ᠤ ᠾᠧ ᠳ᠋ᠦᠩ ᠲᠣᠰᠬᠤᠨ ᠳᠤ ᠬᠦᠷᠴᠦ ᠣᠣᠭᠤᠬᠤ ᠤᠰᠤᠨ ᠤ ᠠᠮᠤᠷ ᠲᠦᠪᠰᠢᠨ ᠤ ᠠᠵᠢᠯ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠪᠠ᠃ ᠾᠧ ᠳ᠋ᠦᠩ ᠲᠣᠰᠬᠤᠨ ᠤ ᠣᠣᠭᠤᠬᠤ ᠤᠰᠤᠨ ᠤ ᠣᠳᠣᠬᠢ ᠪᠠᠶᠢᠳᠠᠯ ᠢ ᠨᠠᠷᠢᠨ ᠨᠢᠮᠪᠠᠢ ᠪᠠᠶᠢᠴᠠᠭᠠᠨ ᠰᠤᠳᠤᠯᠵᠤ᠂ ᠥᠩᠭᠡᠷᠡᠭᠰᠡᠨ ᠵᠢᠯ ᠤᠳ ᠤᠨ ᠬᠡᠷᠡᠭᠵᠢᠭᠦᠯᠦᠭᠰᠡᠨ ᠢᠨᠵᠧᠨᠧᠷᠢᠩ ᠤᠨ ᠠᠵᠢᠯᠯᠠᠭᠠᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠵᠢᠴᠢ ᠰᠠᠭᠤᠳᠠᠯ ᠤᠨ ᠬᠤᠷᠠᠯ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠢ ᠣᠨᠣᠴᠠᠲᠠᠢ ᠲᠠᠨᠢᠵᠤ᠂ ᠬᠡᠷᠡᠭᠵᠢᠭᠦᠯᠬᠦ ᠲᠥᠰᠥᠯ ᠪᠠ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠦᠷᠦᠯ ᠬᠤᠪᠢᠶᠠᠨ ᠲᠣᠭᠲᠠᠭᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠣᠨᠣᠴᠠᠲᠠᠢ ᠬᠦᠴᠦᠯᠡᠵᠦ᠂  ᠣᠣᠭᠤᠬᠤ ᠤᠰᠤᠨ ᠤ ᠠᠮᠤᠷ ᠲᠦᠪᠰᠢᠨ ᠤ ︽ᠡᠴᠦᠰ ᠤᠨ ᠨᠢᠭᠡ ᠺᠢᠯᠣᠮᠧᠲᠷ︾  ᠢ ᠨᠡᠪᠲᠡᠷᠡᠭᠦᠯᠵᠦ ᠂ ᠥᠷᠭᠡᠨ ᠤᠯᠠᠨ ᠲᠦᠮᠡᠨ ᠤ ᠴᠡᠪᠡᠷ ᠤᠰᠤ᠂ ᠰᠠᠨᠠᠭ᠎ᠠ ᠠᠮᠤᠷ ᠤᠰᠤ ᠣᠯᠵᠤ ᠣᠣᠭᠤᠬᠤ ᠶᠢ ᠪᠠᠲᠣᠯᠠᠪᠠ᠃    
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号