ᠵᠠᠷᠤᠳ ᠬᠤᠰᠢᠭᠤ ︽ᠭᠤᠷᠪᠠ ᠶᠢ ᠨᠢᠭᠡ ᠴᠣᠭᠴᠠᠵᠢᠭᠤᠯᠬᠤ︾ ᠪᠠᠷ ᠺᠠᠳ᠋ᠷᠴᠤᠳ ᠢ ᠰᠤᠷᠭᠠᠨ ᠬᠦᠮᠦᠵᠢᠭᠦᠯᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2022/6/14
      ᠵᠠᠷᠤᠳ ᠬᠤᠰᠢᠭᠤᠨ ᠤ ᠬᠢᠨ ︽ᠵᠠᠷ ᠱᠠᠯᠠᠵᠤ ᠠᠵᠢᠯ ᠲᠣᠰᠬᠤ︾ ᠭᠤᠣᠯᠳᠠᠯᠭ᠎ᠠ ᠲᠠᠢ ᠲᠥᠷᠥᠯ ᠵᠦᠢᠯ ᠤᠨ ᠡᠭᠦᠷᠭᠡ ᠶᠢ ᠴᠢᠩᠭ᠎ᠠ ᠠᠳᠬᠤᠵᠤ᠂ ᠤᠯᠤᠰ ᠲᠥᠷᠥ ᠶᠢᠨ ᠪᠠᠷᠢᠮᠵᠢᠶ᠎ᠠ ᠶᠢ ᠪᠠᠷᠢᠮᠲᠠᠯᠠᠨ᠂ ᠬᠡᠷᠡᠭᠴᠡᠭᠡ ᠱᠠᠭᠠᠷᠳᠠᠯᠭ᠎ᠠ ᠶᠢᠨ ᠤᠳᠤᠷᠢᠳᠤᠮᠵᠢ ᠪᠣᠯᠭᠠᠬᠤ ᠪᠠᠷ ᠰᠠᠭᠤᠷᠢᠯᠠᠨ᠂ ᠺᠠᠳ᠋ᠷ ᠢ ᠬᠦᠮᠦᠵᠢᠭᠦᠯᠬᠦ ᠪᠣᠯᠪᠠᠰᠤᠷᠠᠭᠤᠯᠤᠯ ᠤᠨ ᠲᠥᠯᠥᠪᠯᠡᠭᠡ ᠶᠢ ᠣᠨᠣᠴᠠᠲᠠᠢ ᠲᠣᠭᠲᠠᠭᠠᠵᠤ᠂ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠪᠦᠬᠦᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠪᠠ᠃     ︽ᠭᠠᠷᠲᠠᠬᠤ ᠴᠡᠭ︾ ᠢ ᠴᠢᠩᠭ᠎ᠠ ᠠᠩᠬᠠᠷᠴᠤ᠂ ᠰᠤᠷᠭᠠᠨ ᠬᠥᠮᠦᠵᠢᠯ ᠤᠨ ᠠᠭᠤᠯᠭ᠎ᠠ ᠶᠢ ᠣᠨᠣᠴᠠᠲᠠᠢ ᠰᠦᠪᠡᠭᠴᠢᠯᠡᠪᠡ᠃ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠪᠥᠬᠦ ᠬᠤᠰᠢᠭᠤᠨ ᠤ ᠵᠣᠬᠢᠶᠠᠨ ᠪᠠᠶᠢᠭᠤᠯᠬᠤ ᠠᠵᠢᠯ ᠤᠨ ᠭᠤᠣᠯᠳᠠᠯᠭ᠎ᠠ ᠳᠤ ᠣᠷᠣᠭᠤᠯᠬᠤ ᠶᠢ ᠪᠠᠷᠢᠮᠲᠠᠯᠠᠵᠤ᠂ ᠬᠤᠭᠤᠴᠠᠭ᠎ᠠ ᠰᠣᠯᠢᠭᠰᠠᠨ ᠤ ᠳᠠᠷᠠᠭᠠᠬᠢ ᠤᠳᠤᠷᠢᠳᠬᠤ ᠺᠠᠳ᠋ᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠ ᠺᠠᠳ᠋ᠷ ᠤᠨ ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠪᠥᠬᠦ ᠬᠤᠰᠢᠭᠤᠨ ᠤ ᠡᠯ᠎ᠡ ᠱᠠᠲᠤᠨ ᠤ ᠺᠠᠳ᠋ᠷᠴᠤᠳ ᠲᠤ 2650 ᠬᠤᠪᠢ ᠪᠠᠶᠢᠴᠠᠭᠠᠯᠲᠠ ᠠᠰᠠᠭᠤᠯᠲᠠ ᠶᠢᠨ ᠬᠠᠭᠤᠳᠠᠰᠤ ᠲᠠᠷᠬᠠᠭᠠᠵᠤ᠂ 528 ᠵᠤᠷᠪᠤᠰ ᠰᠠᠨᠠᠯ ᠰᠠᠨᠠᠭᠤᠯᠭ᠎ᠠ ᠬᠤᠷᠢᠶᠠᠵᠤ᠂ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠴᠢᠭᠯᠡᠯ ᠢ ᠣᠨᠣᠴᠠᠲᠠᠢ ᠡᠵᠡᠮᠳᠡᠪᠡ᠃ ︽ᠰᠦᠭ ᠰᠦᠨᠡᠰᠦ ᠶᠢ ᠱᠤᠭᠤᠵᠤ ᠴᠢᠳᠠᠪᠤᠷᠢᠲᠠᠨ ᠢ ᠬᠢᠴᠢᠶᠡᠯ ᠤᠨ ᠲᠠᠩᠬᠢᠮ ᠳᠤ ᠣᠷᠣᠭᠤᠯᠬᠤ︾ ᠪᠠ ︽ᠤᠳᠤᠷᠢᠳᠬᠤ ᠺᠠᠳ᠋ᠷ ᠬᠢᠴᠢᠶᠡᠯ ᠤᠨ ᠲᠠᠪᠴᠠᠩ ᠳᠤ ᠭᠠᠷᠬᠤ︾ ᠵᠡᠷᠭᠡ ᠠᠵᠢᠯᠯᠠᠭ᠎ᠠ ᠶᠢ ᠲᠦᠰᠢᠭᠯᠡᠨ᠂ ᠨᠠᠮ ᠤᠨ ᠲᠥᠷᠥ ᠶᠢᠨ ᠪᠣᠳᠣᠯᠭ᠎ᠠ ᠣᠨᠣᠯ ᠤᠨ ᠦᠷ᠎ᠡ ᠪᠦᠲᠦᠭᠡᠯ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠢᠭᠤᠨ ᠴᠢᠬᠡᠴᠢ ᠶᠢᠨ ᠬᠥᠮᠦᠵᠢᠯ᠂ ︽ᠭᠤᠷᠪᠠᠨ ᠰᠢᠨ᠎ᠡ ᠨᠢᠭᠡ ᠥᠨᠳᠥᠷ︾ ︽ᠠᠷᠪᠠᠨ ᠶᠡᠭᠡ ᠠᠵᠤ ᠦᠢᠯᠡᠰ ᠤᠨ ᠬᠡᠯᠬᠢᠶ᠎ᠡ︾ ᠵᠡᠷᠭᠡ ᠠᠭᠤᠯᠭ᠎ᠠ ᠶᠢᠨ ᠲᠣᠭᠤᠷᠢᠨ ᠳᠤ᠂ ᠨᠠᠷᠢᠨ ᠨᠢᠮᠪᠡᠢ ᠪᠣᠯᠪᠠᠰᠤᠷᠠᠭᠤᠯᠤᠯ ᠤᠨ ᠬᠢᠴᠢᠶᠡᠯ ᠲᠣᠬᠢᠷᠠᠭᠤᠯᠵᠤ᠂ ᠲᠠᠰ ᠬᠤᠪᠢᠶᠠᠨ ᠲᠥᠷᠥᠯ ᠬᠤᠪᠢᠶᠠᠬᠤ᠂ ᠬᠤᠣᠰ ᠴᠢᠭᠯᠡᠯ ᠢᠶᠠᠷ ᠬᠠᠷᠢᠯᠴᠠᠨ ᠬᠥᠳᠡᠯᠦᠯᠴᠡᠬᠦ᠂ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠠᠷᠭ᠎ᠠ ᠮᠠᠶ᠋ᠢᠭ ᠢ ᠬᠡᠷᠡᠭᠯᠡᠨ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠣᠷᠣᠨ ᠬᠤᠲᠠ ᠬᠤᠰᠢᠭᠤᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ᠂ ︽ᠳᠥᠷᠪᠡᠨ ᠣᠨᠴᠠᠭᠠᠶ︾ ᠺᠠᠳ᠋ᠷ ᠤᠨ ᠬᠥᠮᠦᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠪᠣᠯᠪᠠᠰᠤᠷᠠᠭᠤᠯᠤᠯ ᠤᠨ ᠠᠩᠭᠢ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠮᠦᠵᠢᠯ ᠪᠣᠯᠪᠠᠰᠤᠷᠠᠭᠤᠯᠤᠯ ᠤᠨ ᠪᠣᠳᠠᠲᠤ ᠦᠷ᠎ᠡ ᠪᠦᠲᠦᠮᠵᠢᠲᠦ ᠴᠢᠨᠠᠷ ᠢ ᠲᠠᠰᠤᠷᠠᠯᠲᠠ ᠦᠭᠡᠢ ᠴᠢᠩᠭᠠᠳᠬᠠᠨ᠂ ᠺᠠᠳ᠋ᠷ ᠤᠨ ᠡᠩᠨᠡᠭᠡ ᠶᠢᠨ ᠬᠡᠪ ᠴᠢᠨᠠᠷ ᠴᠢᠳᠠᠪᠤᠷᠢ ᠶᠢᠨ ᠪᠥᠬᠦ ᠲᠠᠯ᠎ᠠ ᠶᠢᠨ ᠬᠥᠭᠵᠢᠯᠲᠡ ᠶᠢ ᠪᠦᠲᠦᠮᠵᠢᠲᠡᠶ ᠠᠬᠢᠭᠤᠯᠪᠠ᠃ ᠣᠲᠣ ᠨᠢᠭᠡᠨᠲᠡ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠪᠣᠯᠪᠠᠰᠤᠷᠠᠯ ᠤᠨ ᠠᠩᠭᠢ 7 ᠬᠤᠭᠤᠴᠠᠭ᠎ᠠ ᠡᠷᠬᠢᠯᠡᠵᠦ  ᠂ 1454 ᠬᠦᠮᠦᠰ ᠣᠷᠣᠯᠴᠠᠪᠠ᠃     ︽ᠬᠦᠴᠦᠯᠡᠬᠦ ᠴᠡᠭ︾ ᠢ ᠴᠢᠩᠭ᠎ᠠ ᠠᠩᠬᠠᠷᠴᠤ᠂ ᠰᠤᠷᠭᠠᠨ ᠬᠦᠮᠦᠵᠢᠭᠦᠯᠬᠦ ᠠᠷᠭ᠎ᠠ ᠮᠠᠶ᠋ᠢᠭ ᠤᠨ ᠲᠠᠯ᠎ᠠ ᠪᠠᠷ ᠠᠮᠢᠳᠤᠯᠢᠭ ᠢᠶᠠᠷ ᠰᠢᠨ᠎ᠡ ᠶᠢ ᠡᠭᠦᠳᠪᠡ᠃ ᠣᠷᠣᠨ ᠪᠦᠰᠡ ᠶᠢᠨ ᠣᠨᠴᠠᠯᠢᠭ ᠲᠠᠭᠠᠨ ᠰᠠᠭᠤᠷᠢᠯᠠᠨ᠂ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠠᠷᠭ᠎ᠠ ᠵᠠᠮ ᠤᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠨᠠᠮ ᠤᠨ ᠰᠤᠷᠭᠠᠭᠤᠯᠢ ᠶᠢᠨ ᠬᠢᠴᠢᠶᠡᠯ ᠤᠨ ᠲᠠᠩᠬᠢᠮ᠂ ᠦᠢᠯᠡᠳᠦᠯᠭᠡ ᠶᠢᠨ ᠬᠢᠴᠢᠶᠡᠯ ᠤᠨ ᠲᠠᠩᠬᠢᠮ ᠂ ᠰᠦᠯᠵᠢᠶᠡᠨ ᠤ ᠬᠢᠴᠢᠶᠡᠯ ᠤᠨ ᠲᠠᠩᠬᠢᠮ ᠪᠠ ᠨᠡᠭᠦᠳᠡᠯ ᠬᠢᠴᠢᠶᠡᠯ ᠤᠨ ᠲᠠᠩᠬᠢᠮ ᠢ ᠢᠳᠡᠪᠬᠢᠲᠡᠢ ᠬᠡᠷᠡᠭᠵᠢᠭᠦᠯᠪᠡ᠃ ︽ᠮᠢᠩᠭᠠᠨ ᠺᠠᠳ᠋ᠷ ᠢ ᠦᠨᠳᠦᠰᠦᠨ ᠱᠠᠲᠤᠨ ᠳᠤ ᠪᠠᠭᠤᠯᠭᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ︾ ᠠᠵᠢᠯᠯᠠᠭ᠎ᠠ ᠶᠢ ᠲᠦᠰᠢᠭᠯᠡᠨ᠂ 2039 ᠨᠠᠮ ᠤᠨ ᠭᠡᠰᠢᠭᠦᠨ ᠺᠠᠳ᠋ᠷ ᠢ ᠰᠣᠩᠭᠤᠨ ᠲᠣᠮᠢᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠵᠦ᠂ 202 ᠺᠠᠳ᠋ᠷ ᠢ 87 ᠭᠠᠴᠠᠭ᠎ᠠ ᠲᠣᠰᠬᠤᠨ ᠬᠤᠪᠢᠶᠠᠷᠢ ᠲᠠᠯᠠᠪᠠᠢ ᠳᠤ ᠰᠠᠭᠤᠯᠭᠠᠨ ᠬᠠᠪᠰᠤᠷᠤᠨ ᠳᠡᠳᠭᠦᠯᠭᠡᠵᠦ᠂ 70 ᠨᠠᠮ ᠤᠨ ᠭᠡᠰᠢᠭᠦᠨ ᠺᠠᠳ᠋ᠷ ᠢ ᠬᠤᠳᠠᠯᠳᠣᠭᠠᠴᠢᠨ ᠤᠷᠢᠬᠤ ᠡᠮᠦᠨ᠎ᠡ ᠹᠷᠣᠨᠲ ᠲᠤ ᠣᠴᠢᠭᠤᠯᠤᠨ ᠦᠢᠯᠡᠳᠦᠯᠭᠡᠵᠢᠭᠦᠯᠦᠨ ᠪᠣᠯᠪᠠᠰᠤᠷᠠᠭᠤᠯᠵᠤ᠂ 1200 ᠭᠠᠷᠤᠢ ᠨᠠᠮ ᠤᠨ ᠭᠡᠰᠢᠭᠦᠨ ᠺᠠᠳ᠋ᠷ ᠢ ᠲᠣᠮᠢᠯᠠᠨ ᠪᠠᠭᠤᠯᠭᠠᠵᠤ ᠬᠢᠵᠢᠭ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠣᠴᠢᠭᠤᠯᠤᠨ ᠳᠠᠪᠲᠠᠨ ᠪᠣᠯᠪᠠᠰᠤᠷᠠᠭᠤᠯᠪᠠ᠃ ︽ᠵᠠᠷᠣᠳ ᠤᠨ ᠨᠠᠮ ᠤᠨ ᠪᠠᠶᠢᠭᠤᠯᠤᠯᠲᠠ︾ ᠶᠢᠨ ᠸᠢᠴᠠᠲ ᠣᠯᠠᠨ ᠨᠡᠶᠢᠲᠡ ᠶᠢᠨ ᠲᠡᠪᠴᠡᠩ᠂ ᠲᠦᠦᠬᠢᠨ ᠰᠢᠭᠤᠳ ᠨᠡᠪᠲᠡᠷᠡᠭᠦᠯᠭᠡ ᠪᠠ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠵᠡᠷᠭᠡ ᠰᠤᠷᠤᠯᠴᠠᠯᠭ᠎ᠠ ᠶᠢᠨ ᠲᠠᠪᠴᠠᠩ ᠢ ᠥᠷᠭᠡᠨ ᠢᠶᠠᠷ ᠠᠰᠢᠭᠯᠠᠨ ᠰᠦᠯᠵᠢᠶᠡᠨ ᠳᠡᠭᠡᠷᠡᠬᠢ ᠰᠤᠷᠭᠠᠨ ᠬᠦᠮᠦᠵᠢᠭᠦᠯᠬᠦ ᠰᠤᠷᠤᠯᠴᠠᠯᠭ᠎ᠠ ᠬᠢᠵᠦ᠂ ᠬᠡᠵᠢᠶ᠎ᠡ ᠬᠠᠮᠢᠭ᠎ᠠ ᠴᠤ ᠰᠤᠷᠤᠯᠴᠠᠵᠤ ᠳᠡᠶᠢᠯᠬᠦ ᠰᠦᠯᠵᠢᠶᠡᠨ ᠤ ᠬᠢᠴᠢᠶᠡᠯ ᠤᠨ ᠲᠠᠩᠬᠢᠮ ᠢ ᠬᠦᠴᠦᠯᠡᠨ ᠨᠡᠬᠡᠬᠡᠪᠡ᠃ ︽ᠮᠤᠷᠢᠨ ᠳᠡᠭᠡᠷᠡᠬᠢ ᠨᠠᠮ ᠤᠨ ᠰᠤᠷᠭᠠᠭᠤᠯᠢ︾ ᠳᠤ ᠲᠦᠰᠢᠭᠯᠡᠨ᠂ ᠰᠤᠷᠭᠠᠨ ᠬᠥᠮᠦᠵᠢᠯ ᠬᠦᠷᠭᠡᠬᠦ᠂ ᠲᠤᠰᠬᠠᠢ ᠮᠡᠷᠭᠡᠵᠢᠯ ᠬᠦᠷᠭᠡᠬᠦ᠂ ᠦᠢᠯᠡᠴᠢᠯᠡᠭᠡ ᠬᠦᠷᠭᠡᠬᠦ ᠵᠡᠷᠭᠡ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠤᠨᠤᠯ ᠤᠨ ᠮᠡᠳᠡᠯᠭᠡ ᠪᠠ ᠤᠯᠤᠰ ᠲᠦᠷᠦ ᠶᠢᠨ ᠬᠡᠪ ᠪᠣᠯᠪᠠᠰᠤᠷᠠᠯ ᠢ ᠪᠦᠬᠦ ᠲᠠᠯ᠎ᠠ ᠪᠠᠷ ᠴᠢᠩᠭᠠᠳᠬᠠᠪᠠ᠃ ᠣᠲᠣ ᠨᠢᠭᠡᠨᠲᠡ ︽ᠮᠣᠷᠢᠨ ᠳᠡᠭᠡᠷᠡᠬᠢ ᠨᠠᠮ ᠤᠨ ᠰᠤᠷᠭᠠᠭᠤᠯᠢ︾ 15 ᠤᠳᠠᠭ᠎ᠠ ᠲᠥᠪᠯᠡᠷᠡᠭᠦᠯᠦᠨ ᠬᠢᠴᠢᠶᠡᠯ ᠣᠷᠣᠵᠤ᠂ 865 ᠨᠠᠮ ᠤᠨ ᠭᠡᠰᠢᠭᠦᠨ ᠺᠠᠳ᠋ᠷᠴᠤᠳ ᠪᠣᠯᠪᠠᠰᠤᠷᠠᠯ ᠳᠤ ᠣᠷᠣᠯᠴᠠᠵᠤ᠂ ᠲᠠᠷᠢᠶᠠᠯᠠᠩ ᠤᠨ ᠮᠡᠷᠭᠡᠵᠢᠯ ᠪᠠ ᠮᠠᠯ ᠠᠵᠤ ᠠᠬᠤᠢ ᠶᠢᠨ ᠲᠡᠵᠢᠭᠡᠪᠦᠷᠢ ᠶᠢᠨ ᠮᠡᠷᠭᠡᠵᠢᠯ ᠵᠡᠷᠭᠡ ᠲᠠᠯ᠎ᠠ ᠶᠢᠨ ᠲᠠᠶᠢᠯᠤᠮᠵᠢ ᠶᠢ 30 ᠭᠠᠷᠤᠢ ᠤᠳᠠᠭ᠎ᠠ ᠡᠷᠭᠢᠯᠡᠵᠦ᠂ ᠪᠣᠯᠪᠠᠰᠤᠷᠠᠯ ᠤᠨ ᠤᠬᠠᠭᠤᠯᠭ᠎ᠠ ᠶᠢᠨ ᠮᠠᠲ᠋ᠧᠷᠢᠶᠠᠯ 2000 ᠭᠠᠷᠤᠢ ᠬᠤᠪᠢ ᠲᠠᠷᠬᠠᠭᠠᠪᠠ᠃     ︽ᠵᠠᠩᠭᠢᠯᠠᠭ᠎ᠠ ᠶᠢᠨ ᠴᠡᠭ︾ ᠢ ᠴᠢᠩᠭ᠎ᠠ ᠠᠩᠬᠠᠷᠴᠤ᠂ ᠰᠤᠷᠭᠠᠨ ᠬᠥᠮᠦᠵᠢᠯ ᠤᠨ ᠦᠷ᠎ᠡ ᠪᠦᠲᠦᠭᠡᠯ ᠪᠠᠨ ᠶᠡᠷᠦᠩᠬᠡᠶᠢᠯᠡᠨ ᠬᠡᠷᠡᠭᠯᠡᠪᠡ᠃ ︽ᠠᠷᠪᠠᠨ ᠵᠦᠢᠯ ᠤᠨ ᠠᠵᠢᠯᠯᠠᠭ᠎ᠠ︾ ᠪᠠᠷ ᠰᠢᠵᠢᠮ ᠪᠣᠯᠭᠠᠬᠤ ᠶᠢ ᠪᠠᠷᠢᠮᠲᠠᠯᠠᠵᠤ᠂ ︽ᠮᠥᠷᠥᠶᠢᠴᠡᠭᠡᠨ︾ ︽ᠮᠡᠳᠡᠯᠭᠡ ᠶᠢᠨ ᠤᠷᠤᠯᠳᠤᠭᠠᠨ︾ ︽ᠣᠨᠣᠯ ᠤᠨ ᠰᠢᠯᠭᠠᠯᠲᠠ︾ ︽ᠵᠢᠱᠢᠶᠡᠴᠢ ᠶᠢ ᠰᠢᠯᠭᠠᠷᠠᠭᠤᠯᠬᠤ︾ ᠵᠡᠷᠭᠡ ᠰᠢᠯᠭᠠᠷᠠᠭᠤᠯᠬᠤ ᠠᠵᠢᠯᠯᠠᠭ᠎ᠠ ᠶᠢ ᠲᠦᠰᠢᠭᠯᠡᠨ᠂ ᠭᠤᠣᠯ ᠠᠵᠢᠯ ᠪᠠ ᠭᠤᠣᠯᠳᠠᠯᠭ᠎ᠠ ᠲᠠᠢ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠲᠠᠢ ᠨᠢ ᠤᠶᠠᠯᠳᠤᠭᠤᠯᠵᠤ᠂ ᠣᠨᠣᠯ ᠤᠨ ᠰᠢᠯᠭᠠᠯᠲᠠ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠷᠠᠭᠤᠯᠤᠭᠰᠠᠨ ᠦᠷ᠎ᠡ ᠳ᠋ᠦᠩ ᠢᠶᠠᠷ ᠺᠠᠳ᠋ᠷ ᠢ ᠣᠶᠢᠯᠠᠭᠠᠬᠤ ᠢᠯᠡᠷᠡᠭᠦᠯᠬᠦ ᠢᠯᠭᠠᠨ ᠲᠠᠨᠢᠬᠤ ᠬᠢᠨᠠᠨ ᠰᠢᠯᠭᠠᠬᠤ ᠴᠢᠬᠤᠯᠠ ᠦᠨᠳᠦᠰᠦᠯᠡᠯ ᠪᠣᠯᠭᠠᠬᠤ ᠶᠢᠨ ᠬᠠᠮᠲᠤ᠂ ᠺᠠᠳ᠋ᠷ ᠢ ᠳᠡᠪᠰᠢᠭᠦᠯᠦᠨ ᠬᠡᠷᠡᠭᠯᠡᠬᠦ᠂ ᠲᠤᠰᠢᠶᠠᠯ ᠤᠨ ᠲᠠᠰ ᠢ ᠳᠡᠭᠡᠭᠰᠢᠯᠡᠭᠦᠯᠬᠦ᠂ ᠲᠡᠷᠢᠭᠦᠨ ᠤ ᠬᠢ ᠪᠠ ᠰᠢᠯᠢᠳᠡᠭ ᠢ ᠰᠢᠯᠭᠠᠷᠠᠭᠤᠯᠬᠤ᠂ ᠵᠠᠷᠯᠠᠨ ᠮᠡᠳᠡᠭᠳᠡᠵᠦ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠠᠯ᠎ᠠ ᠲᠠᠢ ᠬᠤᠯᠪᠣᠭᠳᠠᠭᠤᠯᠪᠠ᠃ ᠣᠲᠣ ᠨᠢᠭᠡᠨᠲᠡ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠭᠤᠣᠯ ᠠᠩᠭᠢ ᠶᠢᠨ ᠪᠣᠯᠪᠠᠰᠤᠷᠠᠯ ᠳᠤ ᠣᠷᠣᠯᠴᠠᠭᠰᠠᠨ 1454 ᠰᠣᠷᠣᠭᠴᠢ ᠶᠢᠨ ᠰᠢᠯᠭᠠᠯᠲᠠ ᠶᠢᠨ ᠬᠢᠷᠢ ᠪᠦᠲᠦᠮᠵᠢ ᠶᠢ ᠬᠤᠪᠢ ᠬᠥᠮᠥᠨ ᠤ ᠤᠯᠤᠰ ᠲᠥᠷᠥ ᠶᠢᠨ ᠲᠠᠩᠰᠠ ᠡᠪᠬᠡᠮᠡᠯ ᠳᠤ ᠣᠷᠣᠭᠤᠯᠵᠤ᠂ ᠬᠤᠳᠠᠯᠳᠤᠭᠠᠴᠢᠨ ᠤᠷᠢᠵᠤ ᠪᠡᠯᠡ ᠲᠠᠲᠠᠬᠤ 23 ᠺᠠᠳ᠋ᠷ ᠲᠤ ᠲᠤᠰᠬᠠᠢ ᠵᠦᠢᠯ ᠤᠨ ᠤᠯᠤᠰ ᠲᠥᠷᠥ ᠶᠢᠨ ᠬᠡᠪ ᠴᠢᠨᠠᠷ ᠤᠨ ᠪᠠᠶᠢᠴᠠᠭᠠᠯᠲᠠ ᠬᠢᠵᠦ᠂ 356 ᠡᠮᠦᠨ᠎ᠡ ᠹᠷᠣᠨᠲ ᠤᠨ ᠰᠠᠯᠠᠭᠠᠨ ᠲᠠᠰ ᠤᠨ ᠺᠠᠳ᠋ᠷ ᠤᠨ ᠠᠵᠢᠯ ᠤᠨ ᠪᠣᠳᠠᠲᠤ ᠪᠦᠲᠦᠮᠵᠢ ᠳᠤ ᠴᠤᠭᠯᠠᠭᠤᠯᠤᠯᠲᠠ ᠬᠢᠪᠡ᠃ ᠳᠦᠷᠢᠮ ᠲᠣᠭᠲᠠᠭᠠᠯ ᠲᠣᠭᠲᠠᠭᠠᠬᠤ ᠶᠢ ᠴᠢᠬᠤᠯᠠᠴᠢᠯᠠᠵᠤ᠂ ᠵᠢᠷᠤᠮᠵᠢᠯ ᠤᠨ ᠲᠦᠪᠰᠢᠨ ᠢ ᠳᠡᠭᠡᠭᠰᠢᠯᠡᠭᠦᠯᠵᠦ᠂ ︽ᠲᠦᠷ ᠴᠠᠭ ᠲᠤᠰᠢᠶᠠᠯ ᠡᠭᠦᠷᠭᠡᠯᠡᠬᠦ ᠺᠠᠳ᠋ᠷ ᠤᠨ ᠬᠠᠮᠢᠶᠠᠷᠤᠯᠲᠠ ᠶᠢᠨ ᠠᠷᠭ᠎ᠠ︾᠂ ︽ᠴᠢᠬᠤᠯᠠ ᠶᠡᠭᠡ ᠡᠮᠦᠨ᠎ᠡ ᠹᠷᠣᠨᠲ ᠤᠨ ᠺᠠᠳ᠋ᠷ ᠤᠨ ᠤᠯᠤᠰ ᠲᠦᠷᠦ ᠶᠢᠨ ᠬᠡᠪ ᠴᠢᠨᠠᠷ ᠢ ᠬᠢᠨᠠᠨ ᠰᠢᠯᠭᠠᠬᠤ ᠬᠡᠷᠡᠭᠵᠢᠭᠦᠯᠬᠦ ᠠᠷᠭ᠎ᠠ︾ ᠵᠡᠷᠭᠡ 6 ᠳᠦᠷᠢᠮ ᠤᠨ ᠪᠠᠲᠤᠯᠠᠪᠤᠷᠢ ᠶᠢᠨ ᠪᠢᠴᠢᠭ ᠮᠠᠲ᠋ᠧᠷᠢᠶᠠᠯ  ᠢ ᠲᠣᠭᠲᠠᠭᠠᠨ ᠨᠡᠶᠢᠲᠡᠯᠡᠵᠦ᠂ 36 ᠰᠠᠯᠠᠭ᠎ᠠ ᠮᠥᠴᠢᠷ ᠨᠢᠭᠡᠴᠡ ᠬᠢᠨ ᠤ ᠠᠵᠢᠯᠯᠠᠭ᠎ᠠ ᠶᠢᠨ ᠲᠥᠰᠥᠯ ᠢ ᠢᠵᠢ ᠪᠦᠷᠢᠳᠦᠭᠦᠯᠦᠨ ᠲᠣᠭᠲᠠᠭᠠᠵᠤ᠂ 14 ᠬᠡᠷᠡᠭᠵᠢᠭᠦᠯᠵᠦ ᠪᠣᠯᠬᠤᠶᠢᠴᠠ ᠳᠦᠷᠢᠮ ᠢ ᠪᠦᠷᠢᠯᠳᠦᠭᠦᠯᠵᠦ᠂ ᠡᠯ᠎ᠡ ᠵᠦᠢᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠳᠤ ᠳᠦᠷᠢᠮ ᠤᠨ ᠪᠠᠲᠤᠯᠠᠭ᠎ᠠ ᠬᠠᠩᠭᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号