ᠵᠠᠷᠤᠳ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠨᠠᠮ ᠤᠨ ᠡᠭᠦᠷ ᠪᠠᠶᠠᠨᠲᠠᠯ᠎ᠠ ᠰᠤᠮᠤᠨ ᠳᠤ ᠬᠦᠷᠴᠦ ᠨᠠᠮ ᠤᠨ ᠡᠭᠦᠷ ᠤᠨ ᠬᠠᠮᠲᠤᠷᠠᠨ ᠪᠠᠶᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/14
      ᠣᠶᠢᠷ᠎ᠠ ᠳᠤ᠂ ᠬᠤᠰᠢᠭᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠨᠠᠮ ᠤᠨ ᠡᠭᠦᠷ ᠪᠠᠶᠠᠨᠲᠠᠯ᠎ᠠ ᠰᠤᠮᠤ ᠳᠤ ᠬᠦᠷᠴᠦ ︽ᠨᠠᠮ ᠤᠨ ᠡᠭᠦᠷ + ᠨᠠᠮ ᠤᠨ ᠡᠭᠦᠷ︾ ᠬᠠᠮᠲᠤᠷᠠᠨ ᠪᠠᠶᠢᠭᠤᠯᠬᠤ ᠵᠢᠴᠢ ︽ᠨᠠᠮ ᠤᠨ ᠭᠡᠰᠢᠭᠦᠨ ᠠᠮᠠᠯᠠᠯᠲᠠ ᠪᠠᠨ ᠪᠡᠶᠡᠯᠡᠭᠦᠯᠬᠦ︾ ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠰᠢᠷᠢᠰ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠬᠤᠶᠠᠷ ᠲᠠᠯ᠎ᠠ ᠪᠠᠷ ᠢᠶᠠᠨ ᠨᠠᠮ ᠤᠨ ᠪᠠᠶᠢᠭᠤᠯᠤᠯᠲᠠ ᠶᠢᠨ ᠠᠵᠢᠯ ᠤᠨ ᠳᠤᠮᠳᠠᠬᠢ ᠢᠳᠡᠪᠬᠢᠲᠡᠢ ᠲᠤᠷᠰᠢᠯᠭ᠎ᠠ ᠪᠣᠯᠣᠨ ᠪᠦᠲᠦᠮᠵᠢᠲᠡᠢ ᠠᠷᠭ᠎ᠠ ᠮᠠᠶ᠋ᠢᠭ ᠢᠶᠠᠨ ᠬᠤᠪᠢᠶᠠᠯᠴᠠᠵᠤ᠂ ᠨᠠᠮ ᠤᠨ ᠡᠭᠦᠷ ᠢ ᠬᠠᠮᠲᠤᠷᠠᠨ ᠪᠠᠶᠢᠭᠤᠯᠬᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠵᠢᠯ ᠲᠦᠷᠦᠯ ᠤᠨ ᠳᠠᠪᠠᠭᠤᠯᠢᠭ ᠢ ᠠᠰᠢᠭᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠤᠯᠢᠯᠴᠠᠪᠠ᠃ ᠡᠭᠦᠨ ᠤ ᠬᠠᠮᠲᠤ ᠭᠠᠴᠠᠭ᠎ᠠ ᠲᠣᠰᠬᠤᠨ ᠤ ᠠᠬᠠᠮᠠᠳ ᠨᠠᠮ ᠤᠨ ᠭᠡᠰᠢᠭᠦᠨ᠂ ᠶᠠᠳᠠᠭᠤ ᠬᠦᠴᠢᠷᠳᠡᠯᠲᠡᠢ ᠨᠠᠰᠤᠲᠠᠨ ᠪᠣᠯᠣᠨ ᠭᠡᠷ ᠲᠡᠭᠡᠨ ᠬᠤᠴᠣᠷᠤᠭᠰᠠᠨ ᠬᠡᠦᠬᠡᠳ ᠢ ᠡᠷᠬᠢᠨ ᠦᠵᠡᠵᠦ ᠲᠣᠬᠤᠨᠢᠭᠤᠯᠵᠤ᠂ ᠥᠷᠭᠡᠨ ᠤᠯᠠᠨ ᠲᠦᠮᠡᠨ ᠳᠤ ᠨᠠᠮ ᠤᠨ ᠡᠭᠦᠷ ᠤᠨ ᠬᠠᠶᠢᠷ᠎ᠠ ᠬᠠᠯᠠᠮᠵᠢ ᠶᠢ ᠬᠦᠷᠲᠡᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号