ᠬᠤᠷᠠᠯ ᠠᠴᠠ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠤᠨ ᠠᠵᠢᠯ ᠤᠨ | ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠮᠡᠳᠡᠭᠳᠡᠵᠦ᠂ ᠨᠢᠭᠡᠳᠦᠭᠡᠷ ᠤᠯᠠᠷᠢᠯ ᠤᠨ ᠨᠢᠭᠡᠳᠦᠭᠡᠷ ᠠᠵᠤ ᠦᠢᠯᠡᠰ ᠤᠨ | ᠲᠤᠭ᠎ᠠ ᠪᠦᠷᠢᠳᠬᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠳ᠋ᠦᠩᠨᠡᠨ ᠵᠠᠳᠠᠯᠤᠭᠰᠠᠨ ᠤ ᠬᠠᠮᠲᠤ ᠣᠳᠣᠬᠠᠨ ᠤ | ᠪᠠ ᠬᠤᠶᠢᠰᠢᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠬᠦ | ᠲᠤᠬᠠᠢ ᠪᠠᠶᠢᠷᠢᠯᠠᠭᠤᠯᠤᠯᠲᠠ ᠬᠢᠪᠡ᠃ | | ᠬᠤᠷᠠᠯ ᠠᠴᠠ᠂ ᠴᠢᠬᠤᠯᠠᠴᠢᠯᠠᠬᠤ ᠪᠠᠨ ᠴᠢᠩᠭᠠᠳᠬᠠᠵᠦ᠂ ᠠᠵᠤ ᠠᠬᠤᠢ ᠶᠢᠨ ᠠᠵᠢᠯᠯᠠᠭᠠᠨ ᠳᠠᠬᠢ ᠲᠤᠭ᠎ᠠ | ᠪᠦᠷᠢᠳᠬᠡᠯ ᠤᠨ ᠠᠵᠢᠯ ᠤᠨ ᠴᠢᠬᠤᠯᠠ ᠦᠢᠯᠡᠳᠦᠯ ᠢ ᠭᠦᠢᠴᠡᠳ ᠲᠠᠨᠢᠵᠤ᠂ ᠨᠢᠭᠡᠳᠦᠭᠡᠷ ᠠᠵᠤ ᠦᠢᠯᠡᠰ ᠤᠨ | ᠭᠦᠢᠴᠡᠳᠬᠡᠯ ᠲᠤᠭ᠎ᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠠᠤᠯᠢ ᠶᠣᠰᠣᠭᠠᠷ | ᠪᠦᠷᠢᠳᠬᠡᠬᠦ ᠶᠢ ᠪᠠᠷᠢᠮᠲᠠᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠠᠷᠢᠭᠤᠴᠠᠯᠭᠠᠲᠤ ᠰᠡᠳᠬᠢᠯᠭᠡ | ᠪᠣᠯᠣᠨ ᠪᠠᠴᠢᠮ ᠲᠤᠯᠭᠠᠮ᠎ᠠ ᠪᠤᠳᠤᠯ ᠢᠶᠠᠨ ᠴᠢᠩᠭᠠᠳᠬᠠᠬᠤ ᠬᠡᠷᠡᠭᠲᠡᠢ︔ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ | ᠪᠠ ᠪᠣᠯᠪᠠᠰᠤᠷᠠᠭᠤᠯᠤᠯ ᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠬᠠᠤᠯᠢ ᠲᠣᠭᠲᠠᠭᠠᠯ ᠢ ᠦᠷᠭᠦᠯᠵᠢᠯᠡᠨ ᠭᠦᠨᠵᠡᠭᠡᠢ | ᠰᠤᠷᠤᠯᠴᠠᠵᠤ᠂ ᠲᠤᠭ᠎ᠠ ᠪᠦᠷᠢᠳᠬᠡᠯ ᠤᠨ ᠠᠵᠢᠯ ᠤᠨ ᠰᠠᠭᠤᠷᠢ ᠶᠢ ᠪᠠᠲᠤᠳᠬᠠᠨ᠂ ᠰᠠᠭᠤᠷᠢ ᠲᠤᠭ᠎ᠠ ᠪᠠᠷᠢᠮᠲᠠ ᠶᠢᠨ | ᠡᠬᠡ ᠲᠠᠩᠰᠠ ᠶᠢ ᠰᠠᠶᠢᠲᠤᠷ ᠬᠢᠵᠦ᠂ ᠡᠯ᠎ᠡ ᠵᠦᠢᠯ ᠤᠨ ᠭᠦᠢᠴᠡᠳᠬᠡᠯ ᠲᠤᠭ᠎ᠠ ᠶᠢᠨ ᠲᠤᠭ᠎ᠠ ᠪᠠᠷᠢᠮᠲᠠ ᠶᠢᠨ ᠦᠨᠡᠨ | ᠪᠣᠳᠠᠲᠠᠢ᠂ ᠣᠨᠣᠪᠴᠢᠲᠠᠶ᠂ ᠪᠦᠷᠢᠨ ᠪᠦᠲᠦᠨ᠂ ᠴᠠᠭ ᠲᠤᠬᠠᠢ ᠳᠤᠨᠢ ᠶᠠᠪᠤᠭᠳᠠᠬᠤ ᠶᠢ ᠪᠠᠲᠤᠯᠠᠵᠤ᠂ ᠣᠷᠣᠨ | ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠲᠤᠭ᠎ᠠ | ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ︔ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠪᠣᠭᠤᠮᠲᠠ ᠶᠢ ᠡᠬᠢ | ᠡᠭᠦᠰᠦᠯ ᠠᠴᠠ ᠨᠢ ᠰᠠᠶᠢᠲᠤᠷ ᠠᠳᠬᠤᠵᠤ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ | ᠭᠦᠢᠴᠡᠳᠬᠡᠯ ᠲᠤᠭ᠎ᠠ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠵᠠᠳᠠᠯᠤᠨ ᠲᠣᠬᠢᠷᠠᠭᠤᠯᠬᠤ ᠪᠠᠨ | ᠦᠨᠡᠨᠬᠦ ᠴᠢᠩᠭᠠᠳᠬᠠᠵᠤ᠂ ᠲᠤᠳᠠᠭᠳᠠᠯ ᠢ ᠪᠦᠲᠦᠮᠵᠢᠲᠡᠢ ᠨᠥᠬᠦᠪᠦᠷᠢᠯᠡᠵᠦ᠂ ᠲᠤᠭ᠎ᠠ ᠪᠦᠷᠢᠳᠬᠡᠯ ᠤᠨ ᠲᠤᠭ᠎ᠠ | ᠪᠠᠷᠢᠮᠲᠠ ᠶᠢ ᠤᠨᠤᠴᠠᠳᠠᠢ ᠥᠨᠳᠥᠷ ᠪᠦᠲᠦᠮᠵᠢᠲᠡᠢ ᠪᠠᠶᠢᠯᠭᠠᠬᠤ᠂ ᠲᠠᠪᠬᠤᠷᠳᠠᠭᠤᠯᠬᠤ ᠦᠭᠡᠢ ᠣᠷᠬᠢᠭᠳᠠᠭᠤᠯᠬᠤ ᠦᠭᠡᠢ | ᠪᠠᠶᠢᠯᠭᠠᠬᠤ᠂ ᠪᠦᠷᠢᠳᠭᠡᠪᠡᠯ ᠵᠣᠬᠢᠬᠤ ᠪᠦᠬᠦᠨ ᠢ ᠪᠦᠷᠢᠳᠭᠡᠬᠦ ᠶᠢ ᠦᠨᠡᠨᠬᠦ ᠪᠠᠲᠤᠯᠠᠵᠤ᠂ ᠠᠵᠤ ᠠᠬᠤᠢ ᠶᠢᠨ | ᠲᠣᠭᠲᠠᠭᠤᠨ ᠪᠥᠭᠡᠳ ᠡᠷᠡᠭᠦᠯ ᠢᠶᠠᠷ ᠠᠵᠢᠯᠯᠠᠬᠤ ᠶᠢ ᠦᠨᠡᠨᠬᠦ ᠪᠠᠲᠤᠯᠠᠵᠤ᠂ ᠲᠣᠭᠲᠠᠭᠰᠠᠨ ᠬᠠᠷᠠᠯᠲᠠ ᠪᠠᠨ | ᠤᠷᠤᠭᠰᠢᠲᠠᠢ ᠪᠡᠶᠡᠯᠡᠭᠦᠯᠵᠦ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ | ᠲᠣᠬᠢᠷᠠᠭᠤᠯᠬᠤ ᠳᠤ ᠦᠨᠡᠨ ᠪᠣᠳᠠᠲᠠᠢ ᠨᠠᠶᠢᠳᠠᠪᠤᠷᠢᠲᠠᠢ ᠦᠨᠳᠦᠰᠦ ᠪᠠᠷᠢᠮᠲᠠ ᠬᠠᠩᠭᠠᠬᠤ ᠬᠡᠷᠡᠭᠲᠡᠢ ᠭᠡᠵᠦ | ᠴᠢᠩᠭᠠᠳᠬᠠᠪᠠ᠃ | |