| 6 ᠰᠠᠷ᠎ᠠ ᠶᠢᠨ 14 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ | ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠣᠬᠠᠢ ᠴᠡᠭᠴᠡᠯᠡᠨ | ᠰᠠᠶᠢᠵᠢᠷᠠᠭᠤᠯᠬᠤ ᠠᠵᠢᠯ ᠤᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠢᠪᠡ᠃ ᠬᠤᠰᠢᠭᠤᠨ ᠤ ᠰᠢᠭᠤᠳ ᠬᠠᠷᠢᠶ᠎ᠠ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | ᠱᠣᠣ ᠶᠠᠨ ᠵᠢᠶᠦ᠋ᠨ ᠵᠢᠭᠠᠪᠣᠷᠢᠯᠠᠭᠰᠠᠨ ᠨᠢ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠠᠵᠢᠯ ᠢ ᠦᠷᠭᠦᠯᠵᠢᠯᠡᠭᠦᠯᠬᠦ ᠠᠴᠠ ᠪᠢᠰᠢ᠂ ᠳᠠᠭᠤᠰᠬᠤ ᠴᠠᠭ ᠭᠡᠵᠦ ᠪᠠᠶᠢᠬᠤ ᠦᠭᠡᠢ ᠶᠤᠮ᠃ ᠤᠳᠤᠷᠢᠳᠬᠤ | ᠺᠠᠳ᠋ᠷᠴᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠣᠬᠠᠢ ᠴᠡᠭᠴᠡᠯᠡᠨ | ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ | ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠦᠵᠡᠯ ᠰᠠᠨᠠᠭᠠᠨ ᠤ ᠡᠬᠢ ᠰᠤᠷᠪᠤᠯᠵᠢ ᠪᠠ ᠠᠰᠠᠭᠤᠳᠠᠯ ᠳᠣᠳᠠᠭᠳᠠᠯ ᠢᠶᠠᠨ | ᠭᠦᠨ ᠠᠭᠤᠳᠠᠯᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠠᠬᠢ ᠪᠣᠶ ᠪᠣᠯᠭᠠᠵᠤ᠂ ᠰᠤᠷᠲᠠᠯ ᠤᠨ | ᠪᠠᠶᠢᠭᠤᠯᠤᠯᠲᠠ ᠶᠢᠨ ᠬᠥᠪᠴᠢ ᠶᠢ ᠴᠠᠭ ᠢᠮᠠᠭᠲᠠ ᠴᠢᠩᠭᠠᠷᠠᠭᠤᠯᠤᠨ᠂ ᠦᠢᠯᠡᠴᠢᠯᠡᠭᠡᠨ ᠤ ᠣᠶᠢᠯᠠᠭᠠᠭᠳᠠᠬᠤᠨ ᠢᠶᠠᠨ | ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠪᠥᠬᠦ | ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ | ᠦᠷᠭᠦᠯᠵᠢᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠪᠡ᠃ | ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠵᠤ᠂ ᠥᠪᠡᠷ ᠢ ᠪᠠᠨ ᠪᠠᠶᠢᠴᠠᠭᠠᠵᠤ ᠦᠪᠡᠷᠲᠡᠭᠡᠨ ᠵᠠᠯᠠᠷᠠᠭᠤᠯᠬᠤ ᠶᠢ ᠳᠠᠷᠤᠶᠢᠬᠠᠨ ᠵᠣᠬᠢᠶᠠᠨ ᠪᠠᠶᠢᠭᠤᠯᠤᠨ | ᠥᠷᠨᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠪᠠᠨ ᠨᠠᠷᠢᠯᠢᠭᠵᠢᠭᠤᠯᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠦᠨᠡᠨᠬᠦ ᠡᠬᠢ | ᠡᠭᠦᠰᠦᠯ ᠠᠴᠠ ᠨᠢ ᠠᠰᠠᠭᠤᠳᠠᠯ ᠢ ᠠᠭᠤᠳᠠᠯᠵᠤ᠂ ᠦᠨᠳᠦᠰᠦ ᠰᠤᠷᠪᠤᠯᠵᠢ ᠠᠴᠠ ᠨᠢ ᠠᠰᠠᠭᠤᠳᠠᠯ ᠢ ᠰᠢᠢᠳᠪᠦᠷᠢᠯᠡᠵᠦ᠂ | ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠶᠡᠭᠡ ᠬᠦᠴᠦᠯᠡᠴᠡ ᠪᠠᠷ ᠡᠯ᠎ᠡ ᠲᠦᠷᠦᠯ ᠤᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ | ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠪᠡᠶ᠎ᠡ ᠪᠠᠷ ᠢᠶᠠᠨ ᠠᠳᠬᠤᠵᠤ᠂ ᠦᠪᠡᠷ ᠦᠪᠡᠷ ᠤᠨ ᠡᠭᠦᠷᠭᠡ ᠠᠵᠢᠯ ᠤᠨ | ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠵᠣᠷᠢᠭᠲᠠᠢ ᠪᠠᠷ ᠡᠭᠦᠷᠭᠡᠯᠡᠵᠦ᠂ ᠵᠣᠷᠢᠭᠲᠠᠢ ᠪᠠᠷ ᠬᠠᠷᠢᠭᠤᠴᠠᠵᠤ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠤᠭ ᠤᠨ ᠰᠢᠯᠢᠳᠡᠭ ᠪᠣᠯᠬᠤ ᠦᠭᠡᠢ ᠪᠣᠯ ᠴᠡᠷᠢᠭ ᠢᠶᠠᠨ ᠶᠠᠭᠠᠬᠢᠭᠰᠠᠨ ᠴᠤ | ᠲᠠᠲᠠᠬᠤ ᠦᠭᠡᠢ ᠭᠡᠬᠦ ᠵᠣᠷᠢᠭ ᠰᠠᠨᠠᠭ᠎ᠠ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ ᠡᠭᠦᠷᠭᠡ ᠪᠠᠨ ᠪᠡᠶᠡᠯᠡᠭᠦᠯᠬᠦ | ᠬᠡᠷᠡᠭᠲᠡᠢ᠃ ᠬᠤᠶᠠᠷ ᠠᠯᠪᠠᠨ ᠭᠡᠷ ᠤᠨ ᠱᠠᠭᠠᠷᠳᠠᠨ ᠪᠠᠶᠢᠴᠠᠭᠠᠬᠤ ᠲᠠᠰᠤᠭ ᠬᠢᠨ ᠱᠠᠭᠠᠷᠳᠠᠨ ᠪᠠᠶᠢᠴᠠᠭᠠᠬᠤ ᠪᠠᠨ | ᠴᠢᠩᠭᠠᠳᠬᠠᠵᠤ᠂ ᠠᠨᠢᠰᠤ ᠶᠢ ᠨᠢ ᠣᠯᠵᠤ᠂ ᠦᠨᠡᠨ ᠢ ᠪᠠᠷᠢᠮᠲᠠᠯᠠᠨ ᠪᠣᠳᠠᠲᠠᠢ ᠬᠢᠵᠦ᠂ ᠢᠯᠡ ᠪᠠᠷ ᠪᠠᠶᠢᠴᠠᠭᠠᠵᠤ | ᠳᠠᠯᠳᠠᠭᠤᠷ ᠰᠤᠷᠪᠤᠯᠵᠢᠯᠠᠬᠤ᠂ ᠲᠤᠬᠠᠢ ᠶᠢᠨ ᠭᠠᠵᠠᠷ ᠲᠤᠨᠢ ᠣᠴᠢᠵᠤ ᠪᠠᠶᠢᠴᠠᠭᠠᠬᠤ᠂ ᠵᠠᠷᠯᠠᠨ ᠮᠡᠳᠡᠭᠳᠡᠵᠦ ᠢᠯᠡᠴᠢᠯᠡᠬᠦ | ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠦᠷᠭᠦᠯᠵᠢᠯᠡᠨ ᠲᠠᠷᠣᠯᠲᠠ ᠥᠭᠴᠦ᠂ ᠡᠯ᠎ᠡ ᠲᠥᠷᠥᠯ ᠤᠨ ᠠᠰᠠᠭᠤᠳᠠᠯ ᠢ ᠴᠠᠭ | ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠠᠬᠢᠯᠭ᠎ᠠ ᠪᠠᠲᠤ ᠳᠦᠷᠢᠮ ᠲᠣᠭᠲᠠᠭᠠᠯ ᠢ ᠴᠢᠩᠭ᠎ᠠ ᠰᠠᠬᠢᠵᠤ᠂ | ᠳᠥᠭᠦᠮ ᠳᠥᠲᠡ᠂ ᠥᠨᠳᠥᠷ ᠪᠦᠲᠦᠮᠵᠢᠲᠡᠶ᠂ ᠠᠷᠢᠭᠤᠨ ᠴᠢᠬᠡᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠣᠷᠴᠢᠨ ᠲᠣᠭᠤᠷᠢᠨ ᠢ ᠬᠠᠮᠵᠢᠯᠴᠠᠨ ᠪᠣᠶ ᠪᠣᠯᠭᠠᠵᠤ᠂ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠪᠡ᠃ | ᠬᠤᠷᠠᠯ ᠳᠡᠭᠡᠷ᠎ᠡ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ | ᠬᠠᠷᠢᠭᠤᠴᠠᠯᠭᠠᠲᠠᠨ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ | ᠠᠰᠠᠭᠤᠳᠠᠯ ᠤᠨ ᠲᠣᠬᠠᠢ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠦᠬᠦᠯᠢ ᠴᠣᠭᠴᠠ ᠶᠢᠨ ᠪᠠᠶᠢᠳᠠᠯ ᠢ | ᠮᠡᠳᠡᠭᠳᠡᠪᠡ︔ ᠬᠤᠷᠠᠯ ᠳᠤ ᠣᠷᠣᠯᠴᠠᠭᠰᠠᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠣᠶᠢᠷ᠎ᠠ ᠶᠢᠨ | ᠬᠤᠭᠤᠴᠠᠭᠠᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠴᠡᠭᠴᠡᠯᠡᠨ ᠰᠠᠶᠢᠵᠢᠷᠠᠭᠤᠯᠬᠤ | ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠲᠤᠰ ᠪᠦᠷᠢ ᠬᠠᠷᠢᠭᠤ ᠮᠡᠳᠡᠭᠦᠯᠪᠡ᠃ | | |