| ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠣᠬᠠᠢ ᠲᠠᠯᠪᠢᠭᠰᠠᠨ ᠴᠢᠬᠤᠯᠠ ᠶᠠᠷᠢᠶᠠᠨ ᠤ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ | ᠬᠤᠷᠢᠶ᠎ᠠ ᠶᠢᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠭᠢᠴᠢᠯᠠᠨ ᠠᠷᠠᠯᠵᠢᠶᠠᠴᠢᠯᠠᠬᠤ | ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ | ᠨᠠᠶᠢᠲᠠᠪᠣᠷᠢᠵᠢᠭᠤᠯᠬᠤ ᠶᠢᠨ ᠲᠦᠯᠦᠭᠡ᠂ ᠪᠥᠬᠦ ᠬᠤᠰᠢᠭᠤᠨ ᠤ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠬᠢᠨ ᠴᠠᠭ | ᠢᠮᠠᠭᠲᠠ ᠪᠠᠷᠢᠮᠵᠢᠶ᠎ᠠ ᠬᠦᠰᠦᠨᠦᠭ ᠲᠠᠢ ᠬᠠᠷᠭᠤᠭᠤᠯᠣᠨ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ | ᠲᠥᠪᠯᠡᠷᠡᠭᠦᠯᠦᠨ ᠵᠠᠰᠠᠬᠤ ᠠᠵᠢᠯ ᠢ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠪᠣᠳᠠᠲᠠᠢ ᠠᠷᠭ᠎ᠠ | ᠬᠡᠮᠵᠢᠶ᠎ᠡ ᠪᠣᠯᠭᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠰᠡᠳᠬᠢᠮᠵᠢ ᠪᠠᠷ ᠠᠷᠭ᠎ᠠ ᠤᠬᠠᠭᠠᠨ ᠰᠦᠪᠡᠭᠴᠢᠯᠡᠬᠦ᠂ | ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ ᠳᠡᠭᠡᠭᠰᠢᠯᠡᠭᠦᠯᠬᠦ ᠶᠢ ᠠᠬᠢᠭᠤᠯᠬᠤ᠂ ᠠᠮᠠᠯᠠᠯᠲᠠ ᠪᠠᠨ ᠭᠦᠢᠴᠡᠳᠭᠡᠵᠦ | ᠡᠭᠦᠷᠭᠡᠯᠡᠯ ᠢᠶᠠᠨ ᠢᠯᠡᠷᠬᠡᠶᠢᠯᠡᠬᠦ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ᠂ ᠠᠳᠠᠯᠢᠳᠬᠠᠨ ᠰᠤᠷᠤᠯᠴᠠᠵᠤ | ᠭᠦᠢᠴᠡᠨ ᠳᠠᠪᠠᠵᠤ ᠭᠠᠷᠬᠤ ᠳᠤ ᠠᠩᠬᠠᠷᠣᠯ ᠢᠶᠠᠨ ᠲᠦᠪᠯᠡᠷᠡᠭᠦᠯᠵᠦ᠂ ᠲᠥᠪᠯᠡᠷᠡᠭᠦᠯᠦᠨ ᠵᠠᠰᠠᠬᠤ ᠠᠵᠢᠯ ᠤᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠲᠠ ᠦᠭᠡᠢ ᠲᠦᠯᠬᠢᠨ ᠠᠬᠢᠭᠤᠯᠪᠠ᠃ | ᠰᠢᠨ᠎ᠡ ᠶᠢ ᠡᠭᠦᠳᠬᠦ ᠰᠡᠳᠬᠢᠮᠵᠢ ᠪᠠᠷ ᠠᠷᠭ᠎ᠠ ᠤᠬᠠᠭᠠᠨ ᠰᠦᠪᠡᠭᠴᠢᠯᠡᠬᠦ ᠳᠡᠭᠡᠷ᠎ᠡ ᠠᠩᠬᠠᠷᠤᠯ ᠢᠶᠠᠨ | ᠲᠥᠪᠯᠡᠷᠡᠭᠦᠯᠵᠦ᠂ ᠦᠨᠳᠦᠷ ᠪᠠᠷᠢᠮᠵᠢᠶ᠎ᠠ ᠪᠠᠷ ᠪᠠᠶᠢᠷᠢᠯᠠᠭᠤᠯᠣᠨ ᠬᠠᠷᠢᠭᠤᠴᠠᠯᠭ᠎ᠠ ᠪᠠᠨ ᠪᠣᠲᠠᠲᠠᠶᠢᠵᠢᠭᠤᠯᠪᠠ᠃ | ᠬᠤᠰᠢᠭᠤᠨ ᠤ ᠨᠠᠮ ᠤᠨ ᠬᠤᠷᠢᠶ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠢᠭᠰᠡᠨ ᠤ ᠳᠠᠷᠠᠭ᠎ᠠ᠂ ᠪᠥᠬᠦ | ᠬᠤᠰᠢᠭᠤᠨ ᠤ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠬᠢᠨ ᠬᠠᠮᠤᠭ ᠤᠨ ᠲᠡᠷᠢᠭᠦᠨ ᠳᠤ ᠲᠣᠬᠢᠷᠠᠭᠤᠯᠤᠨ | ᠪᠠᠶᠢᠷᠢᠯᠠᠭᠤᠯᠵᠤ᠂ ᠱᠠᠲᠤ ᠱᠠᠲᠤ ᠪᠠᠷ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠨᠡᠶᠢᠲᠡ 385 ᠤᠳᠠᠭᠠᠨ ᠤ | ᠲᠤᠰᠬᠠᠢ ᠰᠡᠳᠦᠪᠲᠦ ᠬᠤᠷᠠᠯ ᠬᠢᠵᠦ᠂ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠢᠨ ᠵᠣᠷᠢᠭ ᠰᠠᠨᠠᠭ᠎ᠠ ᠶᠢ | ᠤᠯᠠᠮᠵᠢᠯᠠᠬᠤ ᠪᠠ ᠠᠰᠠᠭᠤᠳᠠᠯ ᠤᠨ ᠨᠠᠷᠢᠨ ᠲᠠᠩᠰᠠ ᠶᠢ ᠨᠡᠶᠢᠲᠡᠯᠡᠨ ᠮᠡᠳᠡᠭᠳᠡᠬᠦ ᠶᠢ ᠲᠦᠷᠭᠡᠨ ᠪᠡᠶᠡᠯᠡᠭᠦᠯᠵᠦ᠂ ᠨᠢᠭᠡ | ᠱᠠᠲᠤ ᠨᠢ ᠨᠢᠭᠡ ᠱᠠᠲᠤ ᠪᠠᠨ ᠠᠳᠬᠤᠬᠤ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠠᠳᠬᠤᠬᠤ ᠠᠵᠢᠯ ᠤᠨ | ᠪᠠᠶᠢᠷᠢᠰᠢᠯ ᠢ ᠪᠣᠶ ᠪᠣᠯᠭᠠᠪᠠ᠃ ᠡᠭᠦᠨ ᠳᠤ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ | ᠥᠪᠡᠷ ᠤᠨ ᠪᠣᠳᠠᠲᠤ ᠪᠠᠶᠢᠳᠠᠯ ᠲᠠᠢ ᠪᠠᠨ ᠣᠶᠠᠯᠳᠣᠭᠤᠯᠣᠨ᠂ ︽55102︾ ᠪᠠᠷ ᠭᠤᠣᠯ ᠰᠢᠵᠢᠮ ᠪᠣᠯᠭᠠᠭᠰᠠᠨ | ᠣᠨᠴᠠᠯᠢᠭᠲᠤ ᠲᠥᠪᠯᠡᠷᠡᠭᠦᠯᠦᠨ ᠵᠠᠰᠠᠬᠤ ᠠᠵᠢᠯ ᠤᠨ ᠲᠥᠰᠥᠯ ᠢ ᠰᠤᠳᠤᠯᠤᠨ ᠲᠣᠭᠲᠠᠭᠠᠵᠤ᠂ ᠬᠠᠷᠠᠯᠲᠠ ᠲᠡᠰᠢ | ᠣᠨᠣᠴᠠᠲᠠᠢ ᠬᠦᠴᠦᠯᠡᠵᠦ᠂ ᠰᠤᠷᠣᠯᠴᠠᠯᠭ᠎ᠠ ᠪᠠᠶᠢᠴᠠᠭᠠᠯᠲᠠ ᠦᠭᠡᠷᠡᠴᠢᠯᠡᠯᠲᠡ ᠪᠠᠶᠢᠭᠤᠯᠣᠯᠲᠠ ᠶᠢ ᠨᠢᠭᠡ | ᠴᠣᠭᠴᠠᠵᠢᠭᠤᠯᠣᠨ ᠨᠢᠭᠡᠳᠦᠯᠲᠡᠢ ᠲᠦᠯᠦᠪᠵᠢᠭᠦᠯᠦᠨ ᠠᠬᠢᠭᠤᠯᠵᠤ᠂ ᠵᠢᠴᠢ ᠰᠢᠯᠢᠳᠡᠭ ᠬᠦᠴᠦᠨ ᠢ ᠲᠠᠲᠠᠨ | ᠰᠢᠯᠵᠢᠭᠦᠯᠵᠦ᠂ ᠲᠤᠰᠬᠠᠢ ᠬᠥᠮᠥᠨ ᠲᠤᠰᠬᠠᠢ ᠠᠩᠭᠢ ᠪᠠᠶᠢᠭᠤᠯᠵᠤ᠂ ᠱᠠᠭᠠᠷᠳᠠᠨ ᠪᠠᠶᠢᠴᠠᠭᠠᠬᠤ | ᠳᠤᠭᠤᠶᠢᠯᠠᠩ ᠪᠠᠶᠢᠭᠤᠯᠵᠤ᠂ ᠪᠠᠭ ᠤᠨ ᠭᠡᠰᠢᠭᠦᠨ ᠳᠠᠭᠠᠭᠤᠯᠵᠤ᠂ ᠬᠠᠷᠢᠶᠠᠯᠠᠭᠳᠠᠬᠤ 45 ᠨᠠᠮ ᠤᠨ ᠵᠣᠬᠢᠶᠠᠨ | ᠪᠠᠶᠢᠭᠤᠯᠤᠯᠲᠠ ᠳᠤ ᠪᠦᠬᠦᠨ ᠢ ᠪᠦᠷᠬᠦᠬᠦᠯᠬᠦ ᠮᠠᠶ᠋ᠢᠭ ᠤᠨ ᠮᠥᠷᠳᠡᠨ ᠬᠢᠨᠠᠨ ᠵᠢᠯᠣᠭᠤᠳᠬᠤ ᠠᠵᠢᠯ ᠬᠢᠵᠦ᠂ | ᠲᠥᠪᠯᠡᠷᠡᠭᠦᠯᠦᠨ ᠵᠠᠰᠠᠬᠤ ︽ᠬᠠᠮ ᠠᠷᠭ᠎ᠠ︾ ᠶᠢ ᠬᠡᠷᠡᠭᠯᠡᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ | ᠠᠮᠢᠳᠤᠷᠠᠯ ᠢ ᠪᠣᠷᠣᠭᠤ ᠪᠠᠨ ᠵᠠᠯᠠᠷᠠᠭᠤᠯᠣᠨ ᠲᠥᠪ ᠴᠢᠩᠭ᠎ᠠ ᠪᠣᠯᠭᠠᠬᠤ ᠠᠵᠢᠯ ᠤᠨ ︽ᠵᠠᠮᠴᠢᠯᠠᠭᠤᠷ︾ ᠪᠣᠯᠭᠠᠬᠤ ᠶᠢ | ᠠᠬᠢᠭᠤᠯᠪᠠ᠃ ᠪᠥᠬᠦ ᠬᠤᠰᠢᠭᠤᠨ ᠤ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠬᠢᠨ | ᠦᠪᠡᠷ ᠦᠪᠡᠷ ᠤᠨ ᠣᠨᠴᠠᠯᠢᠭ ᠲᠠᠢ ᠪᠠᠨ ᠤᠶᠠᠯᠳᠤᠭᠤᠯᠤᠨ᠂ ︽ᠨᠠᠮ ᠤᠨ ᠳᠣᠲᠣᠭᠠᠳᠤ ᠶᠢᠨ ᠤᠯᠤᠰ ᠲᠥᠷᠥ ᠶᠢᠨ | ᠠᠮᠢᠳᠤᠷᠠᠯ ᠢ ᠪᠣᠯᠭᠢᠴᠢᠯᠠᠵᠤ ᠠᠷᠠᠯᠵᠢᠶᠠᠴᠢᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ ᠤᠨ ᠲᠥᠰᠥᠯ︾᠂ | ︽ᠨᠠᠮ ᠤᠨ ᠭᠡᠰᠢᠭᠦᠨ ᠤ ᠠᠮᠠᠯᠠᠯᠲᠠ ᠬᠢᠵᠦ ᠠᠮᠠᠯᠠᠯᠲᠠ ᠪᠠᠨ ᠭᠦᠢᠴᠡᠳᠭᠡᠬᠦ ᠰᠢᠷᠢᠰ ᠭᠤᠣᠯ ᠰᠡᠳᠦᠪᠲᠦ ᠠᠵᠢᠯᠯᠠᠭ᠎ᠠ | ᠥᠷᠨᠢᠭᠦᠯᠬᠦ ᠲᠥᠰᠥᠯ︾ ᠵᠡᠷᠭᠡ ᠶᠢ ᠨᠡᠶᠢᠲᠡ 192 ᠲᠣᠭᠲᠠᠭᠠᠵᠤ᠂ ᠲᠤᠰ ᠲᠤᠰ ᠤᠳᠤᠷᠢᠳᠬᠤ ᠳᠤᠭᠤᠶᠢᠯᠠᠩ | ᠪᠠᠶᠢᠭᠤᠯᠵᠤ᠂ ᠠᠵᠢᠯ ᠤᠨ ᠲᠤᠰᠬᠠᠢ ᠠᠩᠭᠢ ᠪᠠᠶᠢᠭᠤᠯᠤᠨ᠂ ᠡᠮᠬᠢ ᠵᠢᠷᠤᠮ ᠲᠠᠢ ᠪᠥᠭᠡᠳ ᠬᠦᠴᠦᠲᠡᠢ ᠲᠦᠯᠬᠢᠨ | ᠠᠬᠢᠭᠤᠯᠵᠤ᠂ ᠲᠥᠪᠯᠡᠷᠡᠭᠦᠯᠦᠨ ᠵᠠᠰᠠᠬᠤ ᠡᠯ᠎ᠡ ᠵᠦᠢᠯ ᠤᠨ ᠡᠭᠦᠷᠭᠡ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠬᠤ ᠶᠢ | ᠪᠠᠲᠤᠯᠠᠬᠤ ᠳᠤ ᠪᠠᠲᠤ ᠪᠠᠬᠢ ᠰᠠᠭᠤᠷᠢ ᠲᠠᠯᠪᠢᠪᠠ᠃ | ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ ᠳᠡᠭᠡᠭᠰᠢᠯᠡᠭᠦᠯᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ | ᠨᠠᠮᠴᠢ ᠴᠢᠨᠠᠷ ᠤᠨ ᠪᠣᠯᠪᠠᠰᠣᠷᠠᠯ ᠢ ᠴᠢᠨᠠᠷ ᠰᠠᠶᠢᠲᠠᠢ ᠠᠬᠢᠭᠤᠯᠪᠠ᠃ ᠡᠯ᠎ᠡ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠬᠢᠨ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ︽ᠲᠦᠷᠦᠭᠦᠴᠢ | ᠭᠠᠯᠠᠭᠤ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠷᠢᠳᠠᠪᠠᠷ ᠨᠢᠭᠡ ᠠᠯᠬᠤᠮ ᠰᠤᠷᠤᠯᠴᠠᠵᠤ᠂ ᠨᠢᠭᠡ | ᠳᠠᠪᠬᠤᠷᠭ᠎ᠠ ᠭᠦᠨᠵᠡᠭᠡᠢ ᠰᠤᠷᠤᠯᠴᠠᠵᠤ᠂ ᠣᠷᠢᠳᠠᠪᠠᠷ 211 ᠤᠳᠠᠭ᠎ᠠ ᠲᠤᠰᠬᠠᠢ ᠰᠡᠳᠦᠪᠲᠦ ᠰᠤᠷᠣᠯᠴᠠᠯᠭ᠎ᠠ | ᠰᠤᠳᠤᠯᠤᠨ ᠶᠠᠷᠢᠯᠴᠠᠭ᠎ᠠ᠂ 183 ᠤᠳᠠᠭ᠎ᠠ ᠰᠡᠷᠡᠮᠵᠢᠯᠡᠭᠦᠯᠬᠦ ᠬᠥᠮᠦᠵᠢᠯ ᠥᠷᠨᠢᠭᠦᠯᠵᠦ᠂ ᠤᠬᠠᠮᠰᠠᠷ ᠠᠴᠠ ᠪᠠᠨ | ᠤᠯᠤᠰ ᠲᠥᠷᠥ ᠶᠢᠨ ᠳᠠᠪᠳᠠᠯᠲᠠ ᠶᠢ ᠬᠦᠷᠲᠡᠵᠦ᠂ ᠨᠠᠮᠴᠢ ᠴᠢᠨᠠᠷ ᠤᠨ ᠤᠬᠠᠮᠰᠠᠷ ᠢᠶᠠᠨ ᠪᠠᠲᠤ ᠪᠠᠬᠢ ᠪᠣᠶ ᠪᠣᠯᠭᠠᠵᠤ᠂ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠡᠶᠢᠲᠡ 95 ᠬᠤᠪᠢ ᠲᠥᠷᠥᠭᠳᠡᠯ ᠲᠣᠭᠤᠷᠪᠢᠵᠤ᠂ | ᠵᠢᠴᠢ ᠬᠤᠰᠢᠭᠤᠨ ᠤ ᠳᠣᠲᠣᠨ᠎ᠠ ᠭᠠᠳᠠᠨᠠᠬᠢ ᠵᠠᠭᠤᠴᠢᠯᠠᠭᠤᠷ ᠤᠨ ᠲᠤᠰᠬᠠᠢ ᠪᠤᠯᠤᠩ ᠳᠤ ᠨᠡᠶᠢᠲᠡᠯᠡᠵᠦ᠂ ᠵᠢᠱᠢᠶ᠎ᠡ | ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠪᠡ᠃ ᠡᠭᠦᠨ ᠳᠤ᠂ ᠬᠤᠰᠢᠭᠤᠨ ᠤ ᠤᠰᠤᠨ | ᠶᠠᠪᠤᠳᠠᠯ ᠤᠨ ᠲᠣᠪᠴᠢᠶ᠎ᠠ ᠬᠢᠨ ᠤᠳᠤᠷᠢᠳᠬᠤ ᠪᠠᠭ ᠤᠨ ᠭᠡᠰᠢᠭᠦᠨ ᠤ ︽ᠨᠢᠭᠡ ᠪᠠᠶᠢᠷᠢ ᠬᠤᠣᠰ ᠬᠠᠷᠢᠭᠤᠴᠠᠯᠭ᠎ᠠ︾ | ᠶᠢ ᠨᠡᠩ ᠢᠯᠡᠭᠦᠦ ᠳᠣᠪᠤᠶᠢᠯᠭᠠᠵᠤ᠂ ᠪᠠᠭ ᠤᠨ ᠭᠡᠰᠢᠭᠦᠨ ᠤ ︽ᠬᠤᠶᠠᠷ ᠢ ᠰᠤᠷᠤᠯᠴᠠᠬᠤ᠂ ᠬᠤᠶᠠᠷ ᠢ ᠰᠤᠳᠤᠯᠬᠤ︾ | ᠰᠤᠷᠤᠯᠴᠠᠯᠭ᠎ᠠ ᠶᠢᠨ ᠲᠣᠭᠲᠠᠴᠠ ᠶᠢ ᠰᠤᠳᠤᠯᠤᠨ ᠲᠣᠭᠲᠠᠭᠠᠵᠤ᠂ ᠤᠳᠤᠷᠢᠳᠬᠤ ᠪᠠᠭ ᠤᠨ ᠭᠡᠰᠢᠭᠦᠨ ᠨᠢᠭᠡ | ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ | ᠰᠤᠷᠤᠯᠴᠠᠬᠤ ᠭᠤᠣᠯ ᠳᠤᠭᠤᠶᠢᠯᠠᠩ ᠤᠨ ᠲᠤᠰᠬᠠᠢ ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠭ᠎ᠠ ᠳᠤ | ᠣᠷᠣᠯᠴᠠᠵᠤ᠂ ᠣᠯᠣᠯᠲᠠ ᠲᠥᠷᠥᠭᠳᠡᠯ ᠢᠶᠠᠨ ᠪᠢᠴᠢᠵᠦ ᠰᠤᠳᠤᠯᠤᠨ ᠶᠠᠷᠢᠯᠴᠠᠵᠤ᠂ ᠨᠦᠭᠦᠭᠡ ᠲᠠᠯ᠎ᠠ ᠪᠠᠷ᠂ | ᠪᠦᠭᠦᠳᠡᠭᠡᠷ ᠢᠶᠠᠷ ᠢᠶᠠᠨ ᠰᠠᠨᠠᠭᠠᠴᠢᠯᠠᠭ᠎ᠠ ᠠᠴᠠ ᠪᠠᠨ ᠪᠠᠰᠠ ᠬᠠᠷᠢᠶ᠎ᠠ ᠨᠠᠮ ᠤᠨ ᠡᠭᠦᠷ ᠤᠨ ᠲᠤᠰᠬᠠᠢ ᠰᠡᠳᠦᠪᠲᠦ | ᠰᠤᠷᠤᠯᠴᠠᠯᠭ᠎ᠠ ᠰᠤᠳᠤᠯᠤᠨ ᠶᠠᠷᠢᠯᠴᠠᠭ᠎ᠠ ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠨᠠᠮ ᠤᠨ ᠬᠢᠴᠢᠶᠡᠯ ᠳᠤ ᠳᠠᠬᠢᠨᠲᠠ | ᠣᠷᠣᠯᠴᠠᠵᠤ᠂ ᠵᠢᠱᠢᠶ᠎ᠡ ᠦᠵᠡᠭᠦᠯᠦᠨ ᠰᠤᠷᠣᠯᠴᠠᠬᠤ᠂ ᠲᠠᠬᠢᠨ ᠳᠠᠪᠲᠠᠨ ᠰᠤᠷᠤᠯᠴᠠᠬᠤ ᠪᠠᠷ ᠳᠠᠮᠵᠢᠨ᠂ ᠡᠩ | ᠲᠡᠷᠢᠭᠦᠨ ᠳᠤ ︽ᠲᠠᠷᠢᠬᠢᠨ ᠳᠠᠭᠠᠨ ᠬᠠᠳᠠᠩᠰᠢᠭᠤᠯᠵᠤ᠂ ᠰᠡᠳᠬᠢᠯ ᠳᠡᠭᠡᠨ ᠬᠠᠳᠠᠩᠰᠢᠭᠤᠯᠬᠤ︾ ᠶᠢ ᠪᠡᠶᠡᠯᠡᠭᠦᠯᠪᠡ᠃ | ᠪᠥᠬᠦ ᠬᠤᠰᠢᠭᠤᠨ ᠤ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠲᠤᠰᠬᠠᠢ ᠰᠡᠳᠦᠪᠲᠦ ᠰᠤᠷᠤᠯᠴᠠᠯᠭ᠎ᠠ᠂ ᠲᠤᠰᠬᠠᠢ | ᠰᠡᠳᠦᠪᠲᠦ ᠰᠤᠳᠤᠯᠤᠨ ᠶᠠᠷᠢᠯᠴᠠᠭ᠎ᠠ᠂ ᠱᠦᠵᠢ ᠶᠢᠨ ᠨᠠᠮ ᠤᠨ ᠬᠢᠴᠢᠶᠡᠯ᠂ ᠰᠡᠷᠡᠮᠵᠢᠯᠡᠭᠦᠯᠬᠦ ᠬᠥᠮᠦᠵᠢᠯ᠂ | ᠮᠡᠳᠡᠯᠭᠡ ᠶᠢᠨ ᠰᠢᠯᠭᠠᠯᠲᠠ ᠵᠡᠷᠭᠡ ᠠᠵᠢᠯᠯᠠᠭ᠎ᠠ ᠶᠢ ᠨᠡᠶᠢᠲᠡ 1000 ᠭᠠᠷᠤᠢ ᠤᠳᠠᠭ᠎ᠠ ᠥᠷᠨᠢᠭᠦᠯᠵᠦ᠂ ᠡᠯ᠎ᠡ | ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠰᠤᠳᠤᠯᠤᠨ ᠶᠠᠷᠢᠯᠴᠠᠵᠤ ᠰᠣᠯᠢᠯᠴᠠᠬᠤ ᠮᠠᠲ᠋ᠧᠷᠢᠶᠠᠯ᠂ | ᠣᠯᠣᠯᠲᠠ ᠲᠥᠷᠥᠭᠳᠡᠯ ᠵᠡᠷᠭᠡ ᠨᠡᠶᠢᠲᠡ 1200 ᠬᠤᠪᠢ ᠪᠢᠴᠢᠵᠦ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ | ᠢᠶᠠᠷ ᠥᠷᠭᠡᠨ ᠣᠯᠠᠨ ᠨᠠᠮ ᠤᠨ ᠭᠡᠰᠢᠭᠦᠨ ᠳᠤ ᠵᠢᠱᠢᠶ᠎ᠡ ᠦᠵᠡᠭᠦᠯᠦᠨ ᠬᠦᠲᠦᠯᠦᠨ ᠵᠢᠯᠣᠭᠤᠳᠴᠤ ᠤᠯᠤᠰ | ᠲᠥᠷᠥ ᠶᠢᠨ ᠤᠬᠠᠮᠰᠠᠷ ᠢ ᠨᠢ ᠳᠡᠭᠡᠭᠰᠢᠯᠡᠭᠦᠯᠵᠦ᠂ ᠠᠵᠢᠯ ᠬᠢᠬᠦ ᠢᠲᠡᠭᠡᠯ ᠵᠣᠷᠢᠭ ᠢ ᠨᠢ ᠬᠦᠪᠴᠢᠯᠡᠪᠡ᠃ | ᠠᠮᠠᠯᠠᠯᠲᠠ ᠪᠠᠨ ᠭᠦᠢᠴᠡᠳᠭᠡᠵᠦ ᠡᠭᠦᠷᠭᠡᠯᠡᠯ ᠢᠶᠠᠨ ᠢᠯᠡᠷᠡᠭᠦᠯᠬᠦ ᠳᠡᠭᠡᠷ᠎ᠡ ᠠᠩᠬᠠᠷᠤᠯ ᠢᠶᠠᠨ ᠲᠦᠪᠯᠡᠷᠡᠭᠦᠯᠵᠦ᠂ | ᠤᠯᠤᠰ ᠲᠦᠷᠦ ᠶᠢᠨ ᠶᠣᠰᠣ ᠳᠦᠷᠢᠮ ᠢ ᠥᠨᠳᠥᠷ ᠵᠣᠭᠰᠣᠴᠠ ᠠᠴᠠ ᠴᠢᠩᠭᠠᠳᠬᠠᠪᠠ᠃ ᠠᠮᠠᠯᠳᠠᠵᠤ ᠠᠮᠠᠯᠠᠯᠲᠠ ᠪᠠᠨ | ᠭᠦᠢᠴᠡᠳᠭᠡᠬᠦ ᠶᠢ ᠨᠠᠮ ᠤᠨ ᠭᠡᠰᠢᠭᠦᠨ ᠤ ᠨᠠᠮ ᠳᠠᠭᠠᠨ ᠲᠤᠶᠢᠯ ᠤᠨ ᠦᠨᠡᠨᠴᠢ ᠰᠢᠳᠤᠷᠭᠤ ᠪᠠᠶᠢᠬᠤ ᠶᠢᠨ ︽ᠰᠢᠯᠭᠠᠭᠤᠷ | ︾ ᠪᠣᠯᠭᠠᠬᠤ ᠶᠢ ᠪᠠᠷᠢᠮᠲᠠᠯᠠᠵᠤ᠂ ᠥᠷᠭᠡᠨ ᠣᠯᠠᠨ ᠠᠵᠢᠯ ᠤᠨ ᠪᠠᠶᠢᠷᠢ ᠳᠤ ᠪᠠᠶᠢᠭ᠎ᠠ ᠣᠷᠣᠨ ᠲᠤᠭ᠎ᠠ ᠳᠤ ᠪᠠᠶᠢᠭ᠎ᠠ | ᠨᠠᠮ ᠤᠨ ᠭᠡᠰᠢᠭᠦᠨ ᠢ ᠬᠥᠲᠥᠯᠥᠨ ᠵᠢᠯᠤᠭᠤᠳᠴᠤ ᠪᠠᠶᠢᠭᠠᠳ ᠰᠤᠷᠲᠠᠯ ᠢᠶᠠᠨ ᠰᠠᠶᠢᠵᠢᠷᠠᠭᠤᠯᠬᠤ᠂ ᠦᠷ᠎ᠡ | ᠪᠦᠲᠦᠮᠵᠢ ᠪᠠᠨ ᠳᠡᠭᠡᠭᠰᠢᠯᠡᠭᠦᠯᠬᠦ᠂ ᠣᠯᠠᠨ ᠲᠦᠮᠡᠨ ᠳᠤ ᠦᠢᠯᠡᠴᠢᠯᠡᠬᠦ ᠵᠡᠷᠭᠡ ᠲᠠᠯ᠎ᠠ ᠪᠠᠷ ᠲᠠᠰᠣᠷᠠᠯᠲᠠ ᠦᠭᠡᠢ | ᠵᠥᠷᠢᠶ᠎ᠡ ᠪᠠᠨ ᠡᠷᠢᠵᠦ᠂ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ︽ᠨᠠᠮ ᠤᠨ ᠭᠡᠰᠢᠭᠦᠨ ᠤ ᠠᠮᠠᠯᠠᠯᠲᠠ ᠶᠢᠨ | ᠬᠦᠰᠦᠨᠦᠭᠲᠦ︾ ᠶᠢ ᠬᠢᠨᠠᠮᠠᠭᠠᠢ ᠲᠠᠭᠯᠠᠵᠤ᠂ ᠨᠡᠶᠢᠲᠡ 9416 ᠵᠤᠷᠪᠤᠰ ᠠᠵᠢᠯ ᠤᠨ ᠪᠠᠶᠢᠷᠢ ᠶᠢᠨ ᠠᠮᠠᠯᠠᠯᠲᠠ᠂ | 9180 ᠵᠤᠷᠪᠤᠰ ᠪᠣᠳᠠᠲᠤ ᠶᠠᠪᠤᠳᠠᠯ ᠤᠨ ᠠᠮᠠᠯᠠᠯᠲᠠ ᠬᠢᠵᠦ᠂ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠢ | ᠪᠣᠯᠭᠠᠵᠤ᠂ ᠠᠮᠠᠯᠠᠯᠲᠠ ᠪᠠᠨ ᠭᠦᠢᠴᠡᠳᠭᠡᠬᠦ ᠳᠤᠮᠳᠠ ᠰᠤᠷᠲᠠᠯ ᠢᠶᠠᠨ ᠬᠤᠪᠢᠷᠠᠭᠤᠯᠵᠤ᠂ ᠰᠢᠨ᠎ᠡ ᠰᠤᠷᠲᠠᠯ ᠢ ᠪᠣᠶ | ᠪᠣᠯᠭᠠᠬᠤ ᠪᠠᠷ ᠭᠤᠣᠯᠳᠠᠯᠭ᠎ᠠ ᠪᠠᠨ ᠪᠣᠯᠭᠠᠪᠠ᠃ ᠡᠭᠦᠨ ᠳᠤ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ︽ᠭᠤᠣᠯ ᠰᠡᠳᠦᠪᠲᠦ ᠨᠠᠮ ᠤᠨ ᠡᠳᠦᠷ︾ ᠲᠠᠢ ᠪᠠᠨ ᠤᠶᠠᠯᠳᠤᠭᠤᠯᠤᠨ᠂ ᠨᠠᠮ ᠤᠨ ᠭᠡᠰᠢᠭᠦᠨ ᠤ ᠠᠮᠠᠯᠠᠯᠲᠠ | ᠬᠢᠬᠦ᠂ ᠠᠮᠠᠯᠠᠯᠲᠠ ᠪᠠᠨ ᠨᠡᠶᠢᠲᠡᠯᠡᠬᠦ᠂ ᠠᠮᠠᠯᠠᠯᠲᠠ ᠪᠠᠨ ᠭᠦᠢᠴᠡᠳᠭᠡᠬᠦ ᠭᠤᠣᠯ ᠰᠡᠳᠦᠪᠲᠦ ᠠᠵᠢᠯᠯᠠᠭ᠎ᠠ ᠶᠢ ᠭᠦᠨᠵᠡᠭᠡᠢ | ᠥᠷᠨᠢᠭᠦᠯᠵᠦ᠂ ᠲᠤᠰ ᠰᠢᠰᠲ᠋ᠧᠮ ᠤᠨ 300 ᠭᠠᠷᠤᠢ ᠨᠠᠮ ᠤᠨ ᠭᠡᠰᠢᠭᠦᠨ ᠠᠵᠢᠯᠯᠠᠬᠤ ᠡᠳᠦᠷ ᠴᠦᠮ ᠡᠪ ᠬᠠᠮᠲᠤ | ᠨᠠᠮ ᠤᠨ ᠭᠡᠰᠢᠭᠦᠨ ᠤ ᠰᠦᠯᠳᠡ ᠲᠡᠮᠳᠡᠭ ᠢ ᠵᠡᠭᠦᠵᠦ᠂ ᠰᠠᠨᠠᠭᠠᠴᠢᠯᠠᠭ᠎ᠠ ᠠᠴᠠ ᠪᠠᠨ ᠪᠡᠶ᠎ᠡ ᠶᠢᠨ ᠬᠢᠷᠢ ᠭᠡᠮ ᠢᠶᠠᠨ | ᠲᠣᠳᠣᠷᠠᠭᠤᠯᠵᠤ᠂ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠵᠢᠷᠣᠮᠵᠢᠭᠤᠯᠵᠤ᠂ ᠰᠢᠰᠲ᠋ᠧᠮ ᠤᠨ | ᠨᠠᠮ ᠤᠨ ᠭᠡᠰᠢᠭᠦᠨ ᠺᠠᠳ᠋ᠷ ᠲᠦᠷᠦᠭᠦᠯᠡᠨ ᠬᠢᠵᠢᠭ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠬᠦᠷᠴᠦ᠂ ᠬᠤᠷᠢᠭ᠎ᠠ | ᠴᠡᠭ ᠲᠤ ᠵᠢᠵᠢᠭᠦᠷᠯᠡᠬᠦ᠂ ᠪᠥᠭᠡᠮ ᠬᠦᠴᠢᠯ ᠪᠠᠶᠢᠴᠠᠭᠠᠨ ᠬᠡᠮᠵᠢᠬᠦ᠂ ᠣᠨᠣᠰᠢᠯᠠᠨ ᠡᠮᠨᠡᠬᠦ ᠠᠪᠤᠷᠠᠨ ᠵᠠᠰᠠᠬᠤ ᠠᠵᠢᠯ ᠳᠤ | ᠢᠳᠡᠪᠬᠢᠲᠡᠢ ᠣᠷᠣᠯᠴᠠᠵᠤ᠂ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ | ᠪᠠᠳᠠᠷᠠᠭᠤᠯᠵᠤ᠂ ᠨᠡᠶᠢᠳᠡ 127 ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ ᠪᠠ 13 ᠵᠢᠱᠢᠶ᠎ᠡ | ᠦᠵᠡᠭᠦᠯᠬᠦ ᠴᠣᠩᠬᠤᠪᠴᠢ ᠭᠠᠷᠭᠠᠵᠤ᠂ ᠵᠢᠴᠢ ᠢᠯᠡᠷᠬᠡᠢ ᠪᠠᠶᠢᠷᠢᠨ ᠳᠤ 8 ︽ᠨᠠᠮ ᠤᠨ ᠭᠡᠰᠢᠭᠦᠨ ᠢ ᠦᠨᠡᠯᠡᠬᠦ | ᠬᠠᠶᠢᠷᠴᠠᠭ︾ ᠲᠣᠬᠢᠷᠠᠭᠤᠯᠵᠤ᠂ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠷᠴᠠ ᠴᠢᠩᠭ᠎ᠠ | ᠡᠭᠦᠷᠭᠡ ᠬᠠᠷᠢᠭᠤᠴᠠᠯᠭ᠎ᠠ ᠡᠭᠦᠷᠭᠡᠯᠡᠬᠦ ᠪᠠᠷ ᠲᠥᠪᠯᠡᠷᠡᠭᠦᠯᠦᠨ ᠵᠠᠰᠠᠬᠤ ᠠᠵᠢᠯ ᠤᠨ ᠦᠢᠯᠡᠳᠦᠯᠭᠡ ᠶᠢᠨ ᠦᠷ᠎ᠡ ᠪᠦᠲᠦᠮᠵᠢ | ᠣᠯᠬᠤ ᠶᠢ ᠲᠦᠯᠬᠢᠨ ᠠᠬᠢᠭᠤᠯᠪᠠ᠃ ᠪᠦᠬᠦ ᠬᠤᠰᠢᠭᠤᠨ ᠤ 5755 ᠨᠡᠷᠡᠰ ᠠᠵᠢᠯ ᠤᠨ ᠪᠠᠶᠢᠷᠢ ᠳᠤ ᠪᠠᠶᠢᠭ᠎ᠠ ᠣᠷᠣᠨ | ᠲᠤᠭ᠎ᠠ ᠳᠤ ᠪᠠᠶᠢᠭ᠎ᠠ ᠨᠠᠮ ᠤᠨ ᠭᠡᠰᠢᠭᠦᠨ ᠪᠦᠭᠦᠳᠡᠭᠡᠷ ᠢᠶᠠᠷ ᠢᠶᠠᠨ ︽ᠠᠷᠪᠠᠨ ᠨᠢᠭᠡ ᠶᠢ ᠴᠢᠩᠭ᠎ᠠ ᠴᠠᠭᠠᠵᠠᠯᠠᠬᠤ︾ | ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠥᠪᠡᠷ ᠤᠨ ᠪᠡᠶ᠎ᠡ ᠪᠠᠨ ᠬᠠᠷᠢᠴᠠᠭᠤᠯᠤᠨ ᠪᠠᠶᠢᠴᠠᠭᠠᠬᠤ᠂ | ᠥᠪᠡᠷ ᠢ ᠪᠠᠨ ᠰᠡᠷᠡᠮᠵᠢᠯᠡᠭᠦᠯᠬᠦ᠂ ᠠᠮᠠᠯᠠᠯᠲᠠ ᠪᠠᠨ ᠭᠦᠢᠴᠡᠳᠭᠡᠬᠦ᠂ ᠮᠡᠳᠡᠬᠦᠢ ᠬᠢᠬᠦᠢ ᠪᠠᠨ ᠨᠢᠭᠡᠳᠬᠡᠬᠦ ᠶᠢ ᠴᠠᠭ | ᠢᠮᠠᠭᠲᠠ ᠰᠠᠨᠠᠭᠤᠯᠬᠤ ᠶᠢᠨ ᠬᠠᠮᠲᠤ ᠨᠠᠮ ᠤᠨ ᠭᠡᠰᠢᠭᠦᠨ ᠤ ︽ᠠᠷᠪᠠᠨ ᠨᠢᠭᠡ ᠶᠢ ᠴᠢᠩᠭ᠎ᠠ ᠴᠠᠭᠠᠵᠠᠯᠠᠬᠤ︾ ᠶᠢ | ᠵᠢᠷᠤᠮᠯᠠᠭᠰᠠᠨ ᠪᠠᠶᠢᠳᠠᠯ ᠢ ᠠᠷᠠᠳᠴᠢᠯᠠᠭᠰᠠᠨ ᠠᠮᠢᠳᠤᠷᠠᠯ ᠤᠨ ᠬᠤᠷᠠᠯ ᠪᠠ ᠵᠣᠬᠢᠶᠠᠨ ᠪᠠᠶᠢᠭᠤᠯᠤᠯᠲᠠ ᠶᠢᠨ | ᠠᠮᠢᠳᠤᠷᠠᠯ ᠤᠨ ᠬᠤᠷᠠᠯ ᠤᠨ ᠬᠠᠷᠢᠴᠠᠭᠤᠯᠤᠨ ᠪᠠᠶᠢᠴᠠᠭᠠᠬᠤ᠂ ︽ᠴᠢᠬᠡᠴᠢ ᠰᠤᠷᠲᠠᠯ ᠲᠠᠢ ᠺᠠᠳ᠋ᠷ︾ ᠢ ᠰᠢᠯᠭᠠᠷᠠᠭᠤᠯᠬᠤ᠂ | ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ᠂ ᠲᠡᠷᠢᠭᠦᠨ ᠢ ᠰᠣᠩᠭᠤᠬᠤ ᠰᠢᠯᠢᠳᠡᠭ ᠢ ᠰᠢᠯᠭᠠᠷᠠᠭᠤᠯᠬᠤ ᠵᠡᠷᠭᠡ | ᠭᠤᠣᠯᠳᠠᠯᠭ᠎ᠠ ᠲᠠᠢ ᠠᠵᠢᠯ ᠤᠨ ᠠᠭᠤᠯᠭ᠎ᠠ ᠳᠤ ᠣᠷᠣᠭᠤᠯᠵᠤ᠂ ᠪᠠᠶᠢᠩᠭᠤ ᠠᠳᠬᠤᠵᠤ᠂ ᠡᠳᠦᠷ ᠲᠤᠳᠤᠮ ᠤᠨ | ᠠᠵᠢᠯ ᠳᠤ ᠠᠭᠤᠰᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠱᠠᠲᠤ ᠱᠠᠲᠤ ᠪᠠᠷ | ᠭᠦᠨᠵᠡᠭᠡᠶᠢᠷᠡᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠪᠠ᠃ | | |