6 ᠰᠠᠷ᠎ᠠ ᠶᠢᠨ 14 ᠤ ᠡᠳᠦᠷ᠂ ᠬᠤᠲᠠ ᠶᠢᠨ ᠳᠡᠳ᠋ ᠳᠠᠷᠤᠭ᠎ᠠ ᠵᠥᠩ ᠸᠧᠢ ᠬᠤᠸᠠ ᠵᠠᠷᠤᠳ ᠬᠤᠰᠢᠭᠤᠨ ᠳᠤ | ᠢᠷᠡᠵᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠠᠬᠢᠭᠤᠯᠤᠭᠰᠠᠨ ᠪᠠᠶᠢᠳᠠᠯ ᠪᠠ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠪᠠᠶᠢᠴᠠᠭᠠᠨ ᠰᠤᠳᠤᠯᠪᠠ᠃ | ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢᠦ ᠶᠣᠣ᠂ ᠬᠤᠰᠢᠭᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠪᠠᠢ ᠶᠠᠨ ᠰᠢᠤᠸᠠᠢ ᠵᠢᠴᠢ ᠬᠤᠰᠢᠭᠤᠨ ᠤ ᠬᠠᠮᠢᠶ᠎ᠠ ᠪᠦᠬᠦᠢ | ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | ᠵᠦᠩ ᠸᠧᠢ ᠬᠤᠸᠠ ᠬᠠᠮᠳᠤ ᠶᠠᠪᠤᠭᠰᠠᠳ ᠲᠠᠢ ᠪᠠᠨ ᠤᠷᠢᠳ ᠬᠤᠵᠢᠳ ᠯᠦᠪᠧᠢ ᠪᠠᠯᠭᠠᠰᠤᠨ ᠤ ᠰᠢᠶᠣᠣ | ᠵᠢᠩ ᠽᠢ ᠲᠣᠰᠬᠤᠨ ᠤ ᠲᠦᠷᠦᠯ ᠵᠦᠢᠯ ᠤᠨ ᠵᠢᠱᠢᠶ᠎ᠡ ᠦᠵᠡᠭᠦᠯᠬᠦ ᠴᠡᠭ᠂ ᠠᠮᠠᠰᠠᠷ ᠭᠠᠴᠠᠭ᠎ᠠ ᠶᠢᠨ ᠪᠤᠷᠴᠠᠭ ᠤᠨ | ᠵᠢᠱᠢᠶ᠎ᠡ ᠦᠵᠡᠭᠦᠯᠬᠦ ᠣᠷᠣᠨ ᠵᠡᠷᠭᠡ ᠭᠠᠵᠠᠷ ᠬᠦᠷᠴᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠤᠰᠤ ᠠᠷᠪᠢᠯᠠᠬᠤ | ᠤᠰᠤᠯᠠᠬᠤ ᠶᠢ ᠨᠢᠭᠡ ᠴᠣᠭᠴᠠᠵᠢᠭᠤᠯᠤᠭᠰᠠᠨ ᠣᠶᠤᠨᠴᠢ ᠡᠵᠡᠮᠰᠢᠯ ᠤᠨ ᠰᠢᠰᠲ᠋ᠧᠮ᠂ ᠤᠰᠤᠯᠠᠯᠳᠠ ᠶᠢᠨ ᠰᠤᠪᠠᠭ | ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ | | ᠵᠥᠩ ᠸᠧᠢ ᠬᠤᠸᠠ ᠵᠢᠭᠠᠵᠤ ᠭᠠᠷᠭᠠᠭᠰᠠᠨ ᠨᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠰᠠᠶᠢᠲᠤᠷ ᠠᠳᠬᠤᠬᠤ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ | ᠨᠢᠭᠡᠨ ᠣᠷᠳᠣ ᠬᠤᠭᠤᠴᠠᠭᠠᠨ ᠤ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠷᠭ᠎ᠠ ᠬᠡᠮᠵᠢᠶ᠎ᠡ ᠮᠥᠨ᠃ | ᠵᠠᠷᠤᠳ ᠬᠤᠰᠢᠭᠤᠨ ᠤ ᠬᠢᠨ ᠰᠢᠨ᠎ᠡ ᠬᠥᠭᠵᠢᠯᠲᠡ ᠶᠢᠨ ᠱᠠᠲᠤᠨ ᠤ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢ ᠪᠦᠬᠦ | ᠲᠠᠯ᠎ᠠ ᠪᠠᠷ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠪᠠᠷ ᠨᠢᠭᠡᠳᠦᠯᠲᠡᠢ ᠵᠢᠯᠣᠭᠤᠳᠤᠯᠭ᠎ᠠ ᠪᠣᠯᠭᠠᠵᠤ᠂ ᠠᠮᠤ | ᠪᠤᠳᠠᠭ᠎ᠠ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠢ ᠬᠠᠩᠭᠠᠯᠭ᠎ᠠ ᠶᠢ ᠪᠠᠲᠤᠯᠠᠬᠤ ᠪᠠᠷ | ᠬᠠᠷᠠᠯᠲᠠ ᠪᠣᠯᠭᠠᠨ᠂ ︽ᠠᠮᠤ ᠪᠤᠳᠠᠭ᠎ᠠ ᠶᠢ ᠪᠠᠳᠤᠯᠠᠬᠤ ᠳᠤ ᠭᠠᠵᠠᠷ ᠰᠢᠷᠣᠢ ᠳᠤ ᠲᠦᠰᠢᠭᠯᠡᠵᠦ᠂ ᠠᠮᠤ ᠪᠤᠳᠠᠭ᠎ᠠ ᠶᠢ | ᠪᠠᠳᠤᠯᠠᠬᠤ ᠳᠤ ᠰᠢᠨᠵᠢᠯᠡᠭᠡ ᠮᠡᠷᠭᠡᠵᠢᠯ ᠳᠤ ᠲᠦᠰᠢᠭᠯᠡᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠠᠩᠳᠠᠵᠤ | ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ ᠥᠨᠳᠥᠷ ᠲᠣᠭᠲᠠᠭᠤᠨ ᠬᠤᠷᠢᠶᠠᠯᠲᠠ ᠶᠢ ᠪᠠᠲᠤᠯᠠᠬᠤ ᠶᠢ ᠪᠡᠶᠡᠯᠡᠭᠦᠯᠵᠦ᠂ | ᠠᠮᠤ ᠪᠤᠳᠠᠭᠠᠨ ᠤ ᠠᠮᠤᠷ ᠲᠦᠪᠰᠢᠨ ᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠭᠡᠷᠡᠭᠳᠠᠢ ᠭᠡᠪᠡ᠃ | | ᠵᠥᠩ ᠸᠧᠢ ᠬᠤᠸᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ︽ | ᠣᠨᠴᠠᠭᠠᠶ︾ ︽ᠰᠢᠯᠢᠳᠡᠭ︾ ᠢᠶᠠᠷ ᠰᠡᠳᠤᠪ ᠪᠤᠯᠭᠠᠨ ᠬᠦᠴᠦ ᠣᠷᠣᠭᠤᠯᠵᠤ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠲᠠᠢ ᠣᠷᠭᠠᠨᠢᠭ ᠢᠶᠠᠷ | ᠤᠶᠠᠯᠳᠤᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠵᠤ᠂ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ | ᠲᠠᠷᠢᠶᠠᠯᠠᠩ ᠤᠨ ᠤᠳᠤᠬᠢᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠲᠠᠷᠢᠶᠠᠯᠠᠩ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃ | ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠵᠦᠩ ᠸᠧᠢ ᠬᠤᠸᠠ ᠨᠠᠷ ᠪᠠᠰᠠ ᠦᠯᠵᠡᠶᠢᠮᠦ᠋ᠷᠡᠨ | ᠭᠤᠣᠯ ᠳᠤ ᠬᠦᠷᠴᠦ ᠭᠤᠣᠯ ᠴᠠᠭᠳᠠᠵᠤ᠂ ᠲᠦᠭᠰᠢᠭᠦᠷᠢᠲᠦ ᠬᠡᠰᠡᠭ ᠢ ᠪᠠᠬᠢᠵᠢᠭᠦᠯᠬᠦ᠂ ᠦᠶᠡᠷ ᠢ ᠰᠡᠷᠭᠡᠶᠢᠯᠡᠬᠦ ᠡᠳ᠋ | ᠪᠣᠳᠠᠰ ᠢ ᠨᠥᠭᠡᠴᠡᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠵᠡᠷᠭᠡ ᠦᠶᠡᠷ ᠢ ᠰᠡᠷᠭᠡᠶᠢᠯᠡᠬᠦ | ᠠᠵᠢᠯ ᠤᠨ ᠪᠡᠯᠡᠳᠬᠡᠯ ᠪᠠᠶᠢᠳᠠᠯ ᠢ ᠨᠠᠷᠢᠨ ᠣᠶᠢᠯᠠᠭᠠᠪᠠ᠃ ᠵᠦᠩ ᠸᠧᠢ ᠬᠤᠸᠠ᠂ ᠪᠣᠷᠣᠭᠠᠨ ᠤ ᠤᠯᠠᠷᠢᠯ ᠳᠤ ᠡᠯ᠎ᠡ | ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠨᠡ ᠵᠢᠯ ᠤᠨ ᠦᠶᠡᠷ ᠢ ᠰᠡᠷᠭᠡᠶᠢᠯᠡᠬᠦ | ᠣᠨᠴᠠᠯᠢᠭ ᠲᠤ ᠴᠢᠭᠯᠡᠭᠦᠯᠦᠨ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ᠂ ᠪᠠᠬᠢᠯᠡᠯᠲᠡ ᠪᠠᠨ ᠴᠢᠩᠭ᠎ᠠ ᠰᠠᠬᠢᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ |