| 6 ᠰᠠᠷ᠎ᠠ ᠶᠢᠨ 14 ᠤ ᠡᠳᠦᠷ᠂ ᠵᠠᠷᠤᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠦ᠋ ᠴᠢᠩ ᠬᠠᠢ ᠳᠠᠭᠠᠭᠠᠴᠢᠯᠠᠨ ᠬᠤᠯᠪᠣᠭᠠᠯᠠᠭᠰᠠᠨ ᠣᠷᠣᠨ | ᠪᠠᠶᠠᠷᠲᠤᠬᠤᠰᠢᠭᠤ ᠪᠠᠯᠭᠠᠰᠤᠨ ᠳᠤ ᠬᠦᠷᠴᠦ ᠦᠶᠡᠷ ᠢ ᠰᠡᠷᠭᠡᠶᠢᠯᠡᠨ ᠭᠠᠮᠰᠢᠭ ᠢ ᠰᠡᠷᠭᠡᠶᠢᠯᠡᠬᠦ ᠠᠵᠢᠯ ᠢ ᠪᠠᠶᠢᠴᠠᠭᠠᠨ | ᠵᠢᠯᠣᠭᠤᠳᠪᠠ᠃ | | ᠦ᠋ ᠴᠢᠩ ᠬᠠᠢ ᠤᠷᠢᠳ ᠬᠤᠵᠢᠳ ᠪᠠᠶᠠᠷᠲᠤᠬᠤᠰᠢᠭᠤ ᠭᠠᠴᠠᠭ᠎ᠠ᠂ ᠲᠦᠪᠰᠢᠨ ᠭᠠᠴᠠᠭ᠎ᠠ ᠳᠤ ᠬᠦᠷᠴᠦ᠂ | ᠭᠤᠣᠯ ᠤᠨ ᠵᠠᠮ ᠦᠶᠡᠷ ᠤᠨ ᠵᠠᠮ᠂ ᠤᠰᠤᠨ ᠳᠤ ᠡᠪᠳᠡᠭᠳᠡᠭᠰᠡᠨ ᠵᠠᠮ ᠤᠨ ᠭᠠᠳᠠᠷᠭᠤ᠂ ᠤᠯᠠᠨ ᠲᠦᠮᠡᠨ ᠤ | ᠬᠤᠬᠢᠷᠠᠯ ᠳᠤ ᠤᠴᠠᠷᠠᠭᠰᠠᠨ ᠵᠡᠷᠭᠡ ᠪᠠᠶᠢᠳᠠᠯ ᠢ ᠲᠣᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠦᠶᠡᠷ ᠢ | ᠰᠡᠷᠭᠡᠶᠢᠯᠡᠬᠦ ᠪᠡᠯᠡᠳᠬᠡᠬᠦ ᠠᠵᠢᠯ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠵᠤ᠂ ᠵᠢᠴᠢ ᠡᠨᠡ ᠵᠢᠯ ᠤᠨ ᠦᠶᠡᠷ ᠢ | ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠪᠠ᠃ | | ᠦ᠋ ᠴᠢᠩ ᠬᠠᠢ ᠴᠢᠬᠤᠯᠠᠴᠢᠯᠠᠭᠰᠠᠨ ᠨᠢ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠨᠢᠭᠡᠳᠦᠯᠲᠡᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠬᠦᠷᠦᠯᠴᠡᠬᠦ ᠦᠭᠡᠢ ᠲᠠᠯ᠎ᠠ ᠪᠠ ᠳᠤᠲᠠᠭᠳᠠᠯ ᠲᠠᠢ | ᠲᠠᠯ᠎ᠠ ᠪᠠᠨ ᠨᠠᠷᠢᠨ ᠬᠢᠨᠠᠮᠠᠭᠠᠢ ᠪᠠᠶᠢᠴᠠᠭᠠᠵᠤ᠂ ᠠᠵᠠ ᠬᠠᠷᠠᠬᠤ ᠪᠤᠳᠣᠯ ᠪᠠ ᠮᠢᠨᠴᠦᠭᠦᠷᠡᠬᠦ ᠦᠵᠡᠯ ᠰᠠᠨᠠᠭ᠎ᠠ ᠶᠢ | ᠲᠡᠪᠴᠢᠵᠦ᠂ ᠲᠠᠨᠢᠯᠲᠠ ᠪᠠᠨ ᠳᠡᠭᠡᠭᠰᠢᠯᠡᠭᠦᠯᠦᠨ᠂ ᠨᠠᠷᠢᠨ ᠨᠢᠮᠪᠠᠢ ᠪᠠᠶᠢᠷᠢᠯᠠᠭᠤᠯᠵᠤ᠂ ᠬᠠᠷᠢᠭᠤᠴᠠᠯᠭ᠎ᠠ ᠪᠠᠨ | ᠲᠣᠳᠣᠷᠬᠠᠶᠢᠯᠠᠬᠤ ᠬᠡᠷᠡᠭᠲᠡᠢ᠃ ᠣᠨᠴᠠᠭᠠᠶᠢᠯᠠᠨ ᠪᠠᠯᠭᠠᠰᠤ ᠭᠠᠴᠠᠭ᠎ᠠ ᠬᠤᠶᠠᠷ ᠱᠠᠲᠤᠨ ᠤ ᠺᠠᠳ᠋ᠷᠴᠤᠳ ᠬᠠᠷᠢᠶ᠎ᠠ | ᠣᠷᠣᠨ ᠤ ᠪᠠᠨ ᠭᠠᠵᠠᠷ ᠵᠦᠢ ᠶᠢᠨ ᠭᠠᠢ ᠭᠠᠮᠰᠢᠭ ᠤᠨ ᠳᠠᠯᠳᠠ ᠬᠡᠮ ᠴᠡᠭ ᠲᠤ ᠪᠠᠶᠢᠴᠠᠭᠠᠯᠲᠠ ᠬᠢᠵᠦ᠂ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ ᠢᠶᠠᠨ ᠲᠡᠭᠦᠯᠳᠡᠷᠵᠢᠭᠦᠯᠬᠦ ᠬᠡᠷᠡᠭᠲᠡᠢ︔ ᠬᠦᠯᠢᠶᠡᠬᠦ | ᠲᠦᠰᠢᠭᠯᠡᠬᠦ ᠶᠢ ᠲᠡᠪᠴᠢᠵᠦ᠂ ᠦᠳᠲᠡᠷ ᠲᠦᠷᠭᠡᠨ ᠬᠥᠳᠡᠯᠦᠯᠴᠡᠵᠦ᠂ ᠬᠦᠴᠦᠨ ᠢᠶᠠᠨ ᠵᠣᠬᠢᠶᠠᠨ ᠪᠠᠶᠢᠭᠤᠯᠵᠤ | ᠪᠠᠶᠢᠭᠠᠳ ᠤᠰᠤᠨ ᠳᠤ ᠡᠪᠳᠡᠭᠳᠡᠭᠰᠡᠨ ᠵᠠᠮ ᠤᠨ ᠭᠠᠳᠠᠷᠭᠤ᠂ ᠬᠦᠷᠢᠶ᠎ᠡ ᠬᠠᠰᠢᠶ᠎ᠠ᠂ ᠬᠠᠰᠢᠶ᠎ᠠ ᠰᠠᠷᠠᠪᠴᠢ ᠵᠡᠷᠭᠡ | ᠲᠥᠬᠦᠭᠡᠷᠦᠮᠵᠢ ᠶᠢ ᠱᠠᠯᠠᠪᠳᠠᠨ ᠵᠠᠰᠠᠵᠤ᠂ ᠭᠤᠣᠯ ᠤᠨ ᠵᠠᠮ ᠢ ᠨᠡᠪᠲᠡᠷᠡᠭᠦᠯᠦᠨ ᠴᠡᠪᠡᠷᠯᠡᠵᠦ᠂ ᠭᠠᠮᠰᠢᠭᠲᠤ ᠴᠠᠭ | ᠠᠭᠤᠷ ᠤᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ | ᠪᠠᠭᠠᠰᠬᠠᠬᠤ ᠬᠡᠷᠡᠭᠲᠡᠢ᠃ ᠤᠬᠠᠭᠤᠯᠭ᠎ᠠ ᠪᠠᠨ ᠴᠢᠩᠭᠠᠳᠬᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ | ᠸᠢᠴᠠᠲ ᠴᠣᠭᠯᠠᠷᠠᠯ ᠵᠡᠷᠭᠡ ᠲᠠᠪᠴᠠᠩ ᠢ ᠠᠰᠢᠭᠯᠠᠨ ᠥᠷᠭᠡᠨ ᠤᠯᠠᠨ ᠲᠦᠮᠡᠨ ᠳᠤ ᠦᠶᠡᠷ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠰᠢᠨᠵᠢᠯᠡᠬᠦ ᠣᠬᠠᠭᠠᠨᠴᠢ ᠮᠡᠳᠡᠯᠭᠡ ᠶᠢ ᠲᠦᠭᠡᠮᠡᠯᠵᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ | ᠪᠠᠶᠢᠭᠤᠯᠤᠨ ᠲᠠᠶᠢᠴᠢᠯᠠᠵᠤ ᠪᠠᠶᠢᠭᠠᠳ ᠭᠠᠮᠰᠢᠭᠳᠠᠭᠰᠠᠨ ᠤᠯᠠᠨ ᠲᠦᠮᠡᠨ ᠤ ᠭᠡᠷ ᠲᠤ ᠭᠦᠨᠵᠡᠭᠡᠶᠢᠷᠡᠭᠦᠯᠦᠨ | ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠠᠵᠢᠯ ᠥᠷᠨᠢᠭᠦᠯᠵᠦ᠂ ᠭᠠᠮᠰᠢᠭ ᠢ ᠰᠡᠷᠭᠡᠶᠢᠯᠡᠵᠦ ᠭᠠᠮᠰᠢᠭ ᠢ | ᠡᠰᠡᠷᠭᠦᠴᠡᠬᠦ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠦᠶᠡᠷ ᠢ ᠰᠡᠷᠭᠡᠶᠢᠯᠡᠵᠦ | ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ᠂ ᠠᠶᠤᠯ ᠠᠴᠠ ᠠᠪᠤᠷᠠᠨ ᠲᠤᠰᠠᠯᠠᠬᠤ᠂ ᠵᠢᠵᠢᠭᠦᠷᠯᠡᠨ | ᠲᠣᠬᠢᠷᠠᠭᠤᠯᠬᠤ ᠵᠡᠷᠭᠡ ᠰᠡᠷᠭᠡᠶᠢᠯᠡᠨ ᠳᠠᠭᠠᠬᠤ ᠠᠵᠢᠯ ᠢ ᠰᠠᠶᠢᠲᠤᠷ ᠬᠢᠵᠦ᠂ ᠲᠤᠶᠢᠯ ᠤᠨ ᠬᠦᠨᠳᠦ ᠬᠡᠴᠡᠭᠦᠦ ᠴᠠᠭ | ᠠᠭᠤᠷ ᠠᠴᠠ ᠪᠣᠯᠤᠭᠰᠠᠨ ᠪᠠᠶᠢᠭᠠᠯᠢ ᠶᠢᠨ ᠭᠠᠮᠰᠢᠭ ᠢ ᠢᠳᠡᠪᠬᠢᠲᠡᠢ ᠠᠷᠭᠠᠴᠠᠭᠠᠵᠤ᠂ ᠤᠯᠠᠨ ᠲᠦᠮᠡᠨ ᠤ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠪᠡ᠃ | ᠳᠠᠷᠠᠭᠠᠪᠠᠷ ᠨᠢ᠂ ᠦ᠋ ᠴᠢᠩ ᠬᠠᠢ ᠣᠳᠣᠬᠠᠨ ᠤ ᠬᠤᠳᠠᠯᠳᠣᠭᠠᠴᠢᠨ ᠤᠷᠢᠵᠤ ᠪᠡᠯᠡ ᠲᠠᠲᠠᠬᠤ ᠠᠵᠢᠯ ᠲᠠᠢ | ᠤᠶᠠᠯᠳᠤᠭᠤᠯᠵᠤ᠂ ᠵᠠᠬᠠᠨᠠᠭᠤᠷ ᠠᠵᠤ ᠦᠢᠯᠡᠳᠪᠦᠷᠢ ᠶᠢᠨ ᠲᠣᠭᠤᠷᠢᠭ ᠤᠨ ᠦᠢᠯᠡᠳᠪᠦᠷᠢᠯᠡᠯ ᠡᠵᠡᠩᠨᠡᠯᠲᠡ ᠪᠠᠨ | ᠵᠣᠭᠰᠣᠭᠠᠭᠰᠠᠨ ᠠᠵᠤ ᠠᠬᠤᠶᠢᠯᠠᠯ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ | ᠃ | |