ᠵᠠᠷᠤᠳ ᠬᠤᠰᠢᠭᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠢᠪᠳᠣᠯᠣᠯᠲᠠ ᠶᠢᠨ ᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2022/6/16
    6 ᠰᠠᠷ᠎ᠠ ᠶᠢᠨ 14 ᠤ ᠡᠳᠦᠷ᠂ ᠵᠠᠷᠤᠳ ᠬᠤᠰᠢᠭᠤ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠢᠪᠳᠣᠯᠣᠯᠲᠠ ᠶᠢᠨ ᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠶᠢᠨ ᠲᠣᠬᠢᠷᠠᠭᠤᠯᠬᠤ ᠬᠤᠷᠠᠯ ᠬᠢᠵᠦ᠂ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠢᠪᠳᠣᠯᠣᠯᠲᠠ ᠶᠢᠨ ᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠶᠢᠨ ᠲᠣᠬᠢᠷᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠦ ᠲᠢᠶᠧ ᠮᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠮᠦ ᠲᠢᠶᠧ ᠮᠢᠨ ᠴᠢᠬᠤᠯᠠᠴᠢᠯᠠᠭᠰᠠᠨ ᠨᠢ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠠᠯ᠎ᠠ ᠪᠠᠷ ᠨᠠᠶᠢᠲᠠᠪᠣᠷᠢᠵᠢᠭᠤᠯᠣᠯᠲᠠ ᠠᠳᠬᠤᠵᠤ᠂ ᠳᠠᠩᠰᠠᠯᠠᠬᠤ ᠳᠦᠷᠢᠮ ᠪᠣᠯᠣᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠪᠠᠨ ᠰᠠᠶᠢᠵᠢᠷᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠢᠨ ᠤ ᠬᠠᠤᠯᠢ ᠠᠴᠠ ᠵᠥᠷᠢᠴᠡᠭᠰᠡᠨ ᠬᠥᠩᠭᠡᠨ ᠦᠢᠯᠡ ᠠᠵᠢᠯᠯᠠᠭ᠎ᠠ ᠶᠢ ᠬᠠᠷᠢᠭᠤᠴᠠᠯᠭ᠎ᠠ   ᠠᠴᠠ ᠬᠡᠯᠲᠦᠷᠢᠭᠦᠯᠬᠦ ᠨᠠᠷᠢᠨ ᠬᠠᠭᠤᠳᠠᠰᠤ᠂ ᠲᠣᠷᠭᠠᠬᠤ   ᠠᠴᠠ ᠬᠡᠯᠲᠦᠷᠢᠭᠦᠯᠬᠦ ᠨᠠᠷᠢᠨ ᠬᠠᠭᠤᠳᠠᠰᠤ ᠪᠠ ᠬᠥᠩᠭᠡᠨ ᠲᠣᠷᠭᠠᠬᠤ ᠨᠠᠷᠢᠨ ᠬᠠᠭᠤᠳᠠᠰᠤ ᠪᠠᠶᠢᠭᠤᠯᠬᠤ ᠶᠢ ᠠᠬᠢᠭᠤᠯᠵᠤ᠂ ᠳᠡᠩᠰᠡᠯᠡᠵᠦ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠤᠨ᠂ ᠪᠢᠴᠢᠭ ᠮᠠᠲ᠋ᠧᠷᠢᠶᠠᠯ ᠤᠨ ᠬᠢᠨᠠᠯᠲᠠ ᠬᠠᠮᠢᠶᠠᠷᠤᠯᠲᠠ ᠪᠠᠨ ᠵᠢᠷᠤᠮᠵᠢᠭᠤᠯᠵᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠬᠥᠳᠡᠯᠦᠩᠭᠦᠢ ᠬᠢᠨᠠᠯᠲᠠ ᠬᠠᠮᠢᠶᠠᠷᠤᠯᠲᠠ ᠬᠢᠬᠦ ᠶᠢ ᠬᠡᠷᠡᠭᠵᠢᠭᠦᠯᠵᠦ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠡᠷᠡᠭᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠭᠦᠨᠵᠡᠭᠡᠶᠢᠷᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠤ ᠬᠡᠪ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠶᠡᠭᠡ ᠲᠠᠯ᠎ᠠ ᠳᠤ ᠦᠢᠯᠡᠴᠢᠯᠡᠬᠦ ᠶᠢ ᠴᠢᠩᠭᠠᠳᠬᠠᠬᠤ ᠲᠠᠯ᠎ᠠ ᠪᠠᠷ ᠨᠠᠶᠢᠲᠠᠪᠣᠷᠢᠵᠢᠭᠤᠯᠣᠯᠲᠠ ᠠᠳᠬᠤᠵᠤ᠂ ᠡᠯ᠎ᠡ ᠰᠠᠯᠠᠭ᠎ᠠ ᠮᠥᠴᠢᠷ ᠤᠨ ᠬᠢᠨ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠬᠡᠷᠡᠭᠲᠡᠢ︔ ᠡᠭᠦᠷᠭᠡ ᠶᠢᠨ ᠠᠬᠢᠴᠠ ᠪᠠᠨ ᠲᠦᠷᠭᠡᠳᠬᠡᠵᠦ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠬᠡᠷᠡᠭᠲᠡᠢ︔ ᠣᠨᠣᠯ ᠢᠶᠠᠷ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠬᠤᠳᠠᠯᠳᠤᠭ᠎ᠠ  ᠡᠵᠡᠩᠨᠡᠬᠦ ᠣᠷᠴᠢᠨ ᠲᠣᠭᠤᠷᠢᠨ ᠢ ᠬᠥᠮᠥᠨ ᠪᠣᠯᠭᠠᠨ ᠮᠡᠳᠡᠬᠦ᠂ ᠭᠠᠵᠠᠷ ᠪᠣᠯᠭᠠᠨ ᠳᠤ ᠬᠠᠤᠯᠢ ᠪᠠᠷ ᠵᠠᠰᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠬᠠᠮᠠᠭᠠᠯᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠬᠤ ᠲᠠᠯ᠎ᠠ ᠪᠠᠷ ᠨᠠᠶᠢᠲᠠᠪᠣᠷᠢᠵᠢᠭᠤᠯᠣᠯᠲᠠ ᠠᠳᠬᠤᠵᠤ᠂ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠵᠤ᠂ ᠬᠡᠷᠡᠭ ᠤᠨ ᠡᠮᠦᠨ᠎ᠡ ᠪᠠ ᠬᠡᠷᠡᠭ ᠤᠨ ᠳᠤᠮᠳᠠ᠂ ᠬᠡᠷᠡᠭ ᠤᠨ ᠳᠠᠷᠠᠭ᠎ᠠ ᠬᠢᠨᠠᠯᠲᠠ ᠲᠠᠯᠪᠢᠬᠤ ᠶᠢ ᠴᠢᠩᠭᠠᠳᠬᠠᠵᠤ᠂ ᠡᠳᠦᠷ ᠲᠤᠲᠤᠮ ᠤᠨ ᠠᠵᠢᠯ ᠢ ᠱᠠᠭᠠᠷᠳᠠᠨ ᠪᠠᠶᠢᠴᠠᠭᠠᠵᠤ ᠮᠦᠷᠳᠡᠨ ᠳᠠᠭᠠᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠠᠵᠢᠯ ᠤᠨ ᠴᠢᠳᠠᠪᠤᠷᠢ ᠪᠠ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号