| 6 ᠰᠠᠷ᠎ᠠ ᠶᠢᠨ 20 ᠤ ᠡᠳᠦᠷ᠂ ᠪᠠᠶᠠᠨᠲᠠᠯ᠎ᠠ ᠰᠤᠮᠤ ᠲᠡᠵᠢᠭᠡᠪᠦᠷᠢ ᠶᠢᠨ ᠲᠣᠮᠣ ᠡᠷᠦᠬᠡ ᠶᠢᠨ ᠠᠯᠠᠰᠢᠨ ᠦᠬᠡᠷ | ᠲᠡᠵᠢᠭᠡᠬᠦ ᠶᠠᠰᠤ ᠴᠢᠨᠠᠷ ᠢ ᠳᠡᠭᠡᠭᠰᠢᠯᠡᠭᠦᠯᠬᠦ ᠦᠷ᠎ᠡ ᠠᠰᠢᠭ ᠢ ᠨᠡᠮᠡᠭᠳᠡᠭᠦᠯᠬᠦ ᠪᠣᠯᠪᠠᠰᠤᠷᠠᠯ ᠤᠨ ᠠᠩᠭᠢ ᠡᠷᠭᠢᠯᠡᠪᠡ᠃ | ᠪᠣᠯᠪᠠᠰᠤᠷᠠᠭᠤᠯᠤᠯ ᠤᠨ ᠬᠤᠷᠠᠯ ᠨᠢ ᠠᠯᠠᠰᠢᠨ ᠦᠬᠡᠷ ᠢ ᠢᠴᠡᠭᠡᠯ ᠦᠷ᠎ᠡ ᠪᠠᠷ ᠬᠡᠭᠡᠯᠲᠦᠭᠦᠯᠬᠦ ᠮᠡᠷᠭᠡᠵᠢᠯ ᠤᠨ | ᠵᠠᠩᠭᠢᠯᠠᠭ᠎ᠠ ᠶᠢᠨ ᠴᠢᠨᠠᠷ᠂ ᠠᠯᠠᠰᠢᠨ ᠦᠬᠡᠷ ᠤᠨ ᠡᠭᠦᠯᠳᠡᠷ ᠢ ᠰᠠᠶᠢᠵᠢᠷᠠᠭᠤᠯᠬᠤ ᠠᠵᠢᠯ ᠤᠨ ᠴᠢᠬᠤᠯᠠ ᠴᠢᠨᠠᠷ ᠵᠢᠴᠢ | ᠣᠳᠣᠬᠠᠨ ᠤ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠰᠡᠳᠬᠢᠮᠵᠢ ᠶᠢᠨ ᠲᠠᠯ᠎ᠠ ᠪᠠᠷ | ᠮᠡᠷᠭᠡᠵᠢᠯᠲᠡᠳ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠬᠢᠭᠰᠡᠨ ᠪᠥᠭᠡᠳ ᠠᠬᠤᠢ ᠲᠠᠯᠠᠪᠠᠢ ᠳᠤ | ᠲᠡᠵᠢᠭᠡᠪᠦᠷᠢ ᠶᠢᠨ ᠲᠣᠮᠣ ᠡᠷᠦᠬᠡ ᠶᠢᠨ ᠳᠤᠷᠠᠳᠤᠭᠰᠠᠨ ᠲᠡᠵᠢᠭᠡᠬᠦ ᠶᠠᠪᠤᠴᠠ ᠳᠠᠬᠢ ᠪᠠᠶᠢᠩᠭᠤ ᠲᠣᠬᠢᠶᠠᠯᠳᠤᠬᠤ ᠮᠠᠳᠠᠭ | ᠲᠠᠢ ᠠᠰᠠᠭᠤᠳᠠᠯ ᠤᠨ ᠲᠤᠬᠠᠢ ᠲᠠᠶᠢᠯᠪᠣᠷᠢᠯᠠᠪᠠ᠃ ᠲᠣᠰ ᠤᠳᠠᠭᠠᠨ ᠤ ᠪᠣᠯᠪᠠᠰᠤᠷᠠᠭᠤᠯᠤᠯ ᠳᠤ ᠲᠡᠵᠢᠭᠡᠪᠦᠷᠢ ᠶᠢᠨ | ᠲᠣᠮᠣ ᠡᠷᠦᠬᠡ ᠶᠢᠨ ᠠᠯᠠᠰᠢᠨ ᠦᠬᠡᠷ ᠢ ᠢᠴᠡᠭᠡᠯ ᠦᠷ᠎ᠡ ᠪᠠᠷ ᠬᠡᠭᠡᠯᠲᠦᠭᠦᠯᠬᠦ ᠲᠤᠬᠠᠶᠢᠯᠠᠭᠰᠠᠨ ᠠᠵᠢᠯ ᠤᠨ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠯᠠᠰᠢᠨ ᠦᠬᠡᠷ ᠤᠨ ᠡᠭᠦᠯᠳᠡᠷ ᠰᠠᠶᠢᠵᠢᠷᠠᠭᠤᠯᠬᠤ | ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠪᠥᠬᠦ ᠰᠤᠮᠤᠨ ᠤ ᠠᠯᠠᠰᠢᠨ ᠦᠬᠡᠷ ᠤᠨ ᠠᠵᠤ ᠦᠢᠯᠡᠰ ᠤᠨ ᠲᠦᠷᠭᠡᠨ | ᠬᠥᠭᠵᠢᠯᠲᠡ ᠶᠢ ᠠᠬᠢᠭᠤᠯᠬᠤ ᠳᠤ ᠪᠠᠲᠤ ᠰᠠᠭᠤᠷᠢ ᠲᠠᠯᠪᠢᠪᠠ᠃ |