ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠶᠠᠰᠤ ᠴᠢᠨᠠᠷ ᠦᠷ᠎ᠡ ᠠᠰᠢᠭ ᠢ ᠦᠨᠡᠯᠡᠨ ᠵᠢᠱᠢᠬᠦ ᠳᠤᠭᠤᠶᠢᠯᠠᠩ ᠬᠢᠨ ᠵᠠᠷᠤᠳ ᠬᠤᠰᠢᠭᠤᠨ ᠤ ᠲᠠᠢ ᠫᠢᠩ ᠱᠠᠨ ᠠᠭᠤᠷᠬᠠᠢ ᠶᠢᠨ ᠦᠢᠯᠡᠰ ᠲᠤ ᠬᠦᠷᠴᠦ ᠦᠨᠡᠯᠡᠨ ᠵᠢᠱᠢᠬᠦ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/6/21
     6 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠶᠠᠰᠤ ᠴᠢᠨᠠᠷ ᠦᠷ᠎ᠡ  ᠠᠰᠢᠭ ᠢ ᠦᠨᠡᠯᠡᠨ ᠵᠢᠱᠢᠬᠦ ᠳᠤᠭᠤᠶᠢᠯᠠᠩ ᠬᠢᠨ ᠵᠠᠷᠤᠳ ᠬᠤᠰᠢᠭᠤᠨ ᠤ ᠲᠠᠢ ᠫᠢᠩ ᠱᠠᠨ ᠠᠭᠤᠷᠬᠠᠢ ᠶᠢᠨ ᠦᠢᠯᠡᠰ ᠲᠤ ᠬᠦᠷᠴᠦ ᠦᠨᠡᠯᠡᠨ ᠵᠢᠱᠢᠬᠦ ᠠᠵᠢᠯ ᠥᠷᠨᠢᠭᠦᠯᠪᠡ᠃ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠬᠢᠨ ᠡᠬᠡ ᠳᠠᠩᠰᠠ᠂ ᠠᠵᠢᠯ ᠤᠨ ᠳᠠᠩᠰᠠ ᠡᠪᠬᠡᠮᠡᠯ ᠢ ᠪᠠᠶᠢᠴᠠᠭᠠᠨ ᠦᠵᠡᠬᠦ᠂ ᠠᠬᠤᠢ ᠲᠠᠯᠠᠪᠠᠢ ᠳᠤ ᠬᠠᠶᠢᠨ ᠪᠠᠶᠢᠴᠠᠭᠠᠬᠤ ᠵᠢᠴᠢ ᠰᠠᠭᠤᠳᠠᠯ ᠤᠨ ᠬᠤᠷᠠᠯ ᠬᠢᠬᠦ ᠵᠡᠷᠭᠡ ᠠᠷᠭ᠎ᠠ ᠬᠡᠯᠪᠡᠷᠢ ᠪᠠᠷ  ᠳᠠᠮᠵᠢᠨ᠂ ᠲᠠᠢ ᠫᠢᠩ ᠱᠠᠨ ᠠᠭᠤᠷᠬᠠᠢ ᠶᠢᠨ ᠦᠢᠯᠡᠰ ᠤᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ᠂ ᠭᠤᠷᠪᠠᠨ ᠵᠢᠯ ᠤᠨ ᠠᠵᠢᠯᠯᠠᠭ᠎ᠠ ᠶᠢᠨ ᠶᠠᠰᠤ ᠴᠢᠨᠠᠷ ᠦᠷ᠎ᠡ ᠠᠰᠢᠭ ᠢ ᠦᠨᠡᠯᠡᠨ ᠵᠢᠱᠢᠬᠦ ᠶᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠱᠠᠭᠠᠷᠳᠠᠨ ᠪᠠᠶᠢᠴᠠᠭᠠᠬᠤ ᠠᠵᠢᠯᠲᠠᠨ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ ᠶᠢ ᠲᠣᠳᠣᠷᠬᠠᠢ ᠳᠤᠷᠠᠳᠴᠤ᠂ ᠵᠢᠴᠢ ᠪᠠᠴᠢᠮ ᠪᠠᠶᠢᠳᠠᠯ ᠢ ᠠᠷᠭᠠᠴᠠᠭᠠᠬᠤ ᠰᠠᠯᠠᠭ᠎ᠠ ᠮᠥᠴᠢᠷ ᠬᠢᠨ ᠢ ᠮᠥᠷᠳᠡᠨ ᠨᠠᠶᠢᠲᠠᠪᠣᠷᠢᠵᠢᠭᠤᠯᠵᠤ᠂ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ︔ ᠠᠵᠤ ᠠᠬᠤᠶᠢᠯᠠᠯ ᠬᠢᠨ ᠢ ᠬᠤᠶᠢᠰᠢᠳᠠ ᠶᠢᠨ ᠠᠵᠢᠯ ᠤᠨ ᠳᠤᠮᠳᠠ ᠪᠠᠨ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠬᠠᠮᠢᠶᠠᠷᠤᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠳᠤᠲᠠᠭᠳᠠᠯ ᠢᠶᠠᠨ ᠰᠠᠨᠠᠭᠠᠴᠢᠯᠠᠭ᠎ᠠ ᠠᠴᠠ ᠪᠠᠨ ᠨᠦᠬᠦᠪᠦᠷᠢᠯᠡᠵᠦ᠂ ᠠᠳᠠᠯᠢ ᠲᠦᠷᠦᠯ ᠤᠨ ᠠᠰᠠᠭᠤᠳᠠᠯ ᠲᠠᠬᠢᠨ ᠳᠠᠪᠲᠠᠨ ᠭᠠᠷᠬᠤ ᠠᠴᠠ ᠵᠠᠶᠢᠯᠠᠰᠬᠢᠵᠦ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠢᠶᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃  
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号