ᠪᠦᠬᠦ ᠬᠤᠰᠢᠭᠤᠨ ᠤ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢᠶᠠᠷ | ᠠᠶᠤᠯᠲᠠᠢ ᠬᠢᠮᠢ ᠶᠢᠨ ᠪᠣᠳᠠᠰ ᠲᠡᠭᠡᠭᠡᠪᠤᠷᠢᠯᠡᠭᠦ ᠬᠠᠮᠢᠶᠠᠷᠤᠯᠲᠠ ᠶᠢᠨ ᠠᠵᠢᠯ ᠢ ᠴᠢᠨᠠᠭᠰᠢᠳᠠ ᠴᠢᠩᠭᠠᠳᠬᠠᠵᠦ᠂ | ᠠᠶᠤᠯᠲᠠᠢ ᠬᠢᠮᠢ ᠶᠢᠨ ᠪᠣᠳᠠᠰ ᠲᠡᠭᠡᠭᠡᠪᠤᠷᠢᠯᠡᠭᠦ ᠠᠴᠠ ᠡᠭᠦᠰᠦᠭᠰᠡᠨ ᠤᠤᠭᠤᠬᠤ ᠤᠰᠤᠨ ᠤ ᠡᠬᠢ ᠰᠤᠷᠪᠤᠯᠵᠢ ᠶᠢᠨ | ᠣᠷᠴᠢᠨ ᠲᠣᠭᠤᠷᠢᠨ ᠢ ᠪᠤᠬᠢᠷᠳᠤᠭᠤᠯᠬᠤ ᠭᠡᠨᠡᠳᠲᠡ ᠶᠢᠨ ᠠᠶᠤᠯ ᠢ ᠪᠦᠲᠦᠮᠵᠢᠲᠡᠶ ᠰᠡᠷᠭᠡᠶᠢᠯᠡᠵᠦ᠂ ᠮᠠᠨ ᠤ | ᠬᠤᠰᠢᠭᠤᠨ ᠤ ᠰᠠᠭᠤᠭᠠᠯᠢ ᠠᠷᠠᠳ ᠤᠨ ᠤᠤᠭᠤᠬᠤ ᠤᠰᠤᠨ ᠤ ᠠᠮᠤᠷ ᠲᠦᠪᠰᠢᠨ ᠢ ᠦᠨᠡᠨᠬᠦ ᠪᠠᠳᠤᠯᠠᠬᠤ ᠶᠢᠨ | ᠲᠦᠯᠤᠭᠡ᠂ ᠮᠠᠨ ᠤ ᠲᠣᠪᠴᠢᠶ᠎ᠠ ︽ᠵᠠᠷᠤᠳ ᠬᠤᠰᠢᠭᠤᠨ ᠤ ᠤᠤᠭᠤᠬᠤ ᠤᠰᠤᠨ ᠤ ᠡᠬᠢ ᠰᠤᠷᠪᠤᠯᠵᠢ ᠶᠢᠨ | ᠬᠠᠮᠠᠭᠠᠯᠠᠯᠲᠠ ᠶᠢᠨ ᠣᠷᠣᠨ ᠢᠶᠠᠷ ᠠᠶᠤᠯᠲᠠᠢ ᠬᠢᠮᠢ ᠶᠢᠨ ᠪᠣᠳᠠᠰ ᠲᠡᠭᠡᠭᠡᠪᠤᠷᠢᠯᠡᠭᠦ ᠬᠠᠮᠢᠶᠠᠷᠤᠯᠲᠠ ᠶᠢᠨ ᠠᠷᠭ᠎ᠠ︾ ︵ | ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢ ᠲᠤᠭᠤᠷᠪᠢᠵᠤ᠂ ᠡᠳᠦᠭᠡ ᠬᠤᠯᠪᠣᠭᠳᠠᠯ | ᠪᠦᠬᠦᠢ ᠪᠠᠶᠢᠳᠠᠯ ᠢ ᠳᠣᠣᠷᠠᠬᠢ ᠮᠡᠲᠦ ᠲᠣᠳᠣᠷᠬᠠᠶᠢᠯᠠᠶ᠎ᠠ᠃ | ᠨᠢᠭᠡ᠂ ᠲᠤᠭᠤᠷᠪᠢᠭᠰᠠᠨ ᠠᠬᠤᠢ ᠪᠠᠶᠢᠳᠠᠯ ᠪᠠ ᠲᠥᠷᠥ ᠶᠢᠨ ᠪᠣᠳᠣᠯᠭ᠎ᠠ ᠶᠢᠨ ᠦᠨᠳᠦᠰᠦᠯᠡᠯ | ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠭᠡᠳᠡᠭ ᠨᠢ ᠤᠯᠤᠰ ᠠᠴᠠ | ᠤᠤᠭᠤᠬᠤ ᠤᠰᠤᠨ ᠤ ᠡᠬᠢ ᠰᠤᠷᠪᠤᠯᠵᠢ ᠶᠢᠨ ᠪᠣᠬᠢᠷᠳᠤᠯ ᠢ ᠰᠡᠷᠭᠡᠶᠢᠯᠡᠵᠦ᠂ ᠤᠰᠤᠨ ᠤ ᠡᠬᠢ ᠰᠤᠷᠪᠤᠯᠵᠢ ᠶᠢᠨ | ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠪᠠᠲᠤᠯᠠᠬᠤ ᠶᠢᠨ ᠲᠥᠯᠥᠭᠡ ᠵᠠᠭᠠᠭᠯᠠᠨ ᠲᠣᠭᠲᠠᠭᠠᠭᠰᠠᠨ ᠪᠥᠭᠡᠳ | ᠣᠨᠴᠠᠭᠠᠶ ᠬᠠᠮᠠᠭᠠᠯᠠᠯᠲᠠ ᠬᠢᠬᠦ ᠪᠠᠷ ᠱᠠᠭᠠᠷᠳᠠᠭᠰᠠᠨ ᠵᠣᠬᠢᠬᠤ ᠲᠠᠯᠠᠪᠠᠢ ᠲᠠᠢ ᠤᠰᠤᠨ ᠣᠷᠣᠨ ᠪᠠ ᠡᠬᠡ ᠬᠠᠭᠤᠷᠠᠢ | ᠭᠠᠵᠠᠷ ᠣᠷᠣᠨ ᠪᠣᠯᠣᠨ᠎ᠠ᠃ ︽ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠬᠠᠤᠯᠢ︾ ᠶᠢᠨ ᠱᠠᠭᠠᠷᠳᠠᠯᠭ᠎ᠠ | ᠶᠣᠰᠣᠭᠠᠷ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠨᠢᠭᠡᠳᠦᠭᠡᠷ ᠳᠡᠰ ᠪᠠ | ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠣᠷᠣᠨ ᠭᠡᠵᠦ ᠬᠤᠪᠢᠶᠠᠨ᠎ᠠ᠂ ᠴᠢᠬᠤᠯᠠᠲᠠᠢ ᠦᠶ᠎ᠡ ᠳᠤ ᠤᠤᠭᠤᠬᠤ | ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠭᠠᠳᠠᠭᠤᠷ ᠪᠠᠰᠠ ᠵᠣᠬᠢᠬᠤ ᠣᠷᠣᠨ ᠪᠦᠰᠡ ᠶᠢ | ᠵᠠᠭᠠᠭᠯᠠᠨ ᠲᠣᠭᠲᠠᠭᠠᠵᠤ ᠳᠡᠰᠯᠡᠬᠦ ᠬᠠᠮᠠᠭᠠᠯᠠᠯᠲᠠ ᠶᠢᠨ ᠣᠷᠣᠨ ᠪᠤᠯᠭᠠᠳᠠᠭ᠃ ᠠᠳᠠᠯᠢ ᠪᠤᠰᠤ ᠲᠡᠰ ᠤᠨ | ᠬᠠᠮᠠᠭᠠᠯᠠᠯᠲᠠ ᠶᠢᠨ ᠣᠷᠣᠨ ᠢ ᠬᠤᠪᠢᠶᠠᠷᠢᠯᠠᠬᠤ ᠳᠤ ᠠᠳᠠᠯᠢ ᠪᠤᠰᠤ ᠤᠰᠤᠨ ᠤ ᠴᠢᠨᠠᠷ ᠤᠨ ᠪᠠᠷᠢᠮᠵᠢᠶ᠎ᠠ ᠪᠠ ᠰᠡᠷᠭᠡᠶᠢᠯᠡᠨ | ᠬᠠᠮᠠᠭᠠᠯᠠᠬᠤ ᠱᠠᠭᠠᠷᠳᠠᠯᠭ᠎ᠠ ᠲᠠᠢ ᠪᠠᠶᠢᠳᠠᠭ᠂ ᠠᠳᠠᠯᠢ ᠪᠤᠰᠤ ᠲᠡᠰ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ | ᠬᠠᠮᠠᠭᠠᠯᠠᠯᠲᠠ ᠶᠢᠨ ᠣᠷᠣᠨ ᠳᠤ ᠠᠳᠠᠯᠢ ᠪᠤᠰᠤ ᠬᠠᠮᠠᠭᠠᠯᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠢ | ᠪᠠᠶᠢᠳᠠᠭ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ | ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤᠯᠠᠬᠤ ᠲᠤᠬᠠᠢ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠦ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠠᠵᠢᠯ ᠤᠨ ᠲᠣᠭᠲᠠᠴᠠ ᠪᠠᠨ ᠪᠦᠷᠢᠨᠰᠢᠬᠦᠯᠵᠦ᠂ ᠬᠠᠷᠢᠭᠤᠴᠠᠯᠭ᠎ᠠ ᠨᠠᠶᠢᠳᠠᠪᠤᠷᠢᠵᠢᠭᠤᠯᠤᠯᠲᠠ ᠪᠠᠨ | ᠴᠢᠩᠭᠠᠳᠬᠠᠵᠤ᠂ ᠪᠦᠬᠦ ᠬᠤᠰᠢᠭᠤᠨ ᠤ 30 ᠲᠦᠮᠡᠨ ᠠᠷᠠᠳ ᠲᠦᠮᠡᠨ ᠤ ᠦᠨᠳᠦᠰᠦᠨ ᠠᠮᠢᠳᠤᠷᠠᠯ ᠤᠨ ᠡᠷᠬᠡ | ᠠᠰᠢᠭ ᠢ ᠦᠨᠡᠨᠬᠦ ᠬᠠᠮᠠᠭᠠᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ︽ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠤᠭᠤᠬᠤ ᠤᠰᠤᠨ ᠤ | ᠡᠬᠢ ᠰᠤᠷᠪᠤᠯᠵᠢ ᠶᠢ ᠬᠠᠮᠠᠭᠠᠯᠠᠬᠤ ᠳᠦᠷᠢᠮ︾ ︽ᠵᠠᠮ ᠬᠠᠷᠢᠯᠴᠠᠭᠠᠨ ᠤ ᠠᠶᠤᠯᠲᠠᠢ ᠡᠳ᠋ ᠪᠠᠷᠠᠭ᠎ᠠ ᠲᠡᠭᠡᠭᠡᠪᠦᠷᠢᠯᠡᠬᠦ | ᠬᠠᠮᠢᠶᠠᠷᠤᠯᠲᠠ ᠶᠢᠨ ᠲᠣᠭᠲᠠᠭᠠᠯ︾ ︽ᠵᠠᠰᠠᠮᠠᠯ ᠵᠠᠮ ᠤᠨ ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢᠨ | ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠠᠵᠢᠯ ᠢ ᠴᠢᠩᠭᠠᠳᠬᠠᠬᠤ ᠲᠤᠬᠠᠢ ᠮᠡᠳᠡᠭᠳᠡᠯ︾ ᠵᠡᠷᠭᠡ ᠬᠠᠤᠯᠢ | ᠲᠣᠭᠲᠠᠭᠠᠯ᠂ ᠪᠢᠴᠢᠭ ᠮᠠᠲ᠋ᠧᠷᠢᠶᠠᠯ ᠢ ᠦᠨᠳᠤᠰᠤᠯᠡᠭᠡᠳ᠂ ᠲᠣᠰ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠪᠠ᠃ | ᠬᠤᠶᠠᠷ᠂ ︽ᠬᠠᠮᠢᠶᠠᠷᠤᠯᠲᠠ ᠶᠢᠨ ᠠᠷᠭ᠎ᠠ︾ ᠶᠢᠨ ᠭᠤᠣᠯ ᠠᠭᠤᠯᠭ᠎ᠠ | ᠲᠣᠰ ︽ᠬᠠᠮᠢᠶᠠᠷᠤᠯᠲᠠ ᠶᠢᠨ ᠠᠷᠭ᠎ᠠ︾ ᠳᠤ ᠲᠣᠭᠲᠠᠭᠠᠭᠰᠠᠨ ᠨᠢ᠂ ᠤᠤᠭᠤᠬᠤ ᠤᠰᠤᠨ ᠤ ᠡᠬᠢ | ᠰᠤᠷᠪᠤᠯᠵᠢ ᠶᠢᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠣᠷᠣᠨ᠂ ᠬᠤᠶᠠᠳᠤᠭᠠᠷ ᠳᠡᠰ ᠤᠨ ᠬᠠᠮᠠᠭᠠᠯᠠᠯᠲᠠ ᠶᠢᠨ | ᠣᠷᠣᠨ ᠪᠠ ᠳᠡᠰᠯᠡᠬᠦ ᠬᠠᠮᠠᠭᠠᠯᠠᠯᠲᠠ ᠶᠢᠨ ᠣᠷᠣᠨ ᠤ ᠲᠤᠳᠤᠷ᠎ᠠ ᠲᠣᠭᠤᠷᠢᠵᠤ ᠶᠠᠪᠤᠬᠤ ᠨᠥᠬᠦᠴᠡᠯ ᠢ | ᠪᠦᠷᠢᠯᠳᠦᠭᠦᠯᠦᠭᠰᠡᠨ ᠵᠠᠮ ᠤᠨ ᠬᠡᠰᠡᠭ ᠲᠤ ᠠᠶᠤᠯᠲᠠᠢ ᠬᠢᠮᠢ ᠶᠢᠨ ᠪᠤᠳᠠᠰ ᠲᠡᠭᠡᠭᠡᠪᠦᠷᠢᠯᠡᠬᠦ ᠲᠡᠷᠭᠡ ᠬᠥᠰᠬᠡ | ᠨᠡᠪᠲᠡᠷᠡᠬᠦ ᠶᠢ ᠵᠠᠷᠴᠢᠮ ᠳᠡᠭᠡᠷ᠎ᠡ ᠪᠠᠨ ᠴᠠᠭᠠᠵᠠᠯᠠᠨ᠎ᠠ᠂ ᠡᠷᠬᠡᠪᠰᠢ ᠣᠷᠣᠬᠤ ᠴᠢᠬᠤᠯᠠ ᠲᠠᠢ ᠪᠣᠯ ᠤᠷᠢᠳᠠᠪᠠᠷ | ᠳᠣᠲᠣᠭᠠᠳᠤ ᠶᠢ ᠬᠠᠮᠠᠭᠠᠯᠠᠬᠤ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠢ᠂ | ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠬᠢᠨ ᠡᠷᠬᠡᠪᠰᠢ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠤᠤᠭᠤᠬᠤ ᠤᠰᠤᠨ ᠤ ᠡᠬᠢ | ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ︵ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠣᠷᠣᠨ ᠪᠤᠶᠤ ᠳᠡᠰᠯᠡᠬᠦ | ᠬᠠᠮᠠᠭᠠᠯᠠᠯᠲᠠ ᠶᠢᠨ ᠣᠷᠣᠨ︶ ᠤ ᠳᠣᠲᠣᠷ᠎ᠠ ᠰᠢᠨ᠎ᠡ ᠪᠠᠷ ᠬᠥᠭᠦᠷᠭᠡ ᠪᠠᠶᠢᠭᠤᠯᠬᠤ ᠭᠡᠪᠡᠯ᠂ ᠪᠦᠲᠦᠭᠡᠨ ᠪᠠᠶᠢᠭᠤᠯᠬᠤ | ᠨᠢᠭᠡᠴᠡ ᠨᠢ ᠤᠷᠢᠳᠠᠪᠠᠷ ᠬᠤᠯᠪᠣᠭᠳᠠᠯ ᠪᠦᠬᠦᠢ ᠪᠠᠶᠢᠭᠤᠯᠤᠯᠭ᠎ᠠ ᠶᠢᠨ ᠵᠥᠪᠰᠢᠶᠡᠷᠡᠯ ᠢ ᠣᠯᠬᠤ ᠬᠡᠷᠡᠭᠲᠡᠢ᠂ ᠤᠤᠭᠤᠬᠤ | ᠤᠰᠤᠨ ᠤ ᠡᠬᠢ ᠰᠤᠷᠪᠤᠯᠵᠢ ᠶᠢᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠣᠷᠣᠨ᠂ ᠳᠡᠰᠯᠡᠬᠦ | ᠬᠠᠮᠠᠭᠠᠯᠠᠯᠲᠠ ᠶᠢᠨ ᠣᠷᠣᠨ ᠪᠣᠯᠣᠨ ᠬᠤᠶᠠᠳᠤᠭᠠᠷ ᠲᠦᠷᠦᠯ ᠠᠴᠠ ᠳᠡᠭᠡᠭᠰᠢᠬᠢ ᠤᠰᠤᠨ ᠴᠣᠭᠴᠠ ᠶᠢ ᠰᠤᠨᠳᠠᠯᠠᠭᠰᠠᠨ | ᠬᠥᠭᠦᠷᠭᠡ ᠪᠠᠶᠢᠭᠤᠯᠬᠤ ᠭᠡᠪᠡᠯ᠂ ᠠᠶᠤᠯ ᠦᠭᠡᠢ ᠪᠠᠶᠢᠬᠤ ᠶᠢ ᠦᠨᠡᠨᠬᠦ ᠪᠠᠲᠤᠯᠠᠬᠤ ᠪᠠ ᠮᠡᠷᠭᠡᠵᠢᠯ ᠨᠢ | ᠶᠠᠪᠤᠭᠳᠠᠭᠤᠰᠢᠲᠠᠢ ᠪᠠᠶᠢᠬᠤ ᠤᠷᠢᠲᠠᠯ ᠳᠣᠣᠷ᠎ᠠ᠂ ᠬᠥᠭᠦᠷᠭᠡ ᠳᠡᠭᠡᠷ᠎ᠡ ᠪᠠᠨ ᠬᠥᠭᠦᠷᠭᠡᠨ ᠳᠡᠭᠡᠷᠡᠬᠢ ᠤᠷᠤᠰᠤᠮᠠᠯ ᠤᠰᠤ | ᠶᠢ ᠬᠤᠷᠢᠶᠠᠨ ᠴᠤᠭᠯᠠᠭᠤᠯᠬᠤ ᠰᠢᠰᠲ᠋ᠧᠮ ᠪᠠᠶᠢᠷᠢᠯᠠᠭᠤᠯᠬᠤ ᠶᠢᠨ ᠬᠠᠮᠲᠤ ᠬᠥᠭᠦᠷᠭᠡ ᠶᠢᠨ ᠬᠤᠶᠠᠷ ᠲᠠᠯ᠎ᠠ ᠪᠠᠷ | ᠲᠤᠩᠭᠠᠬᠤ ᠴᠥᠭᠦᠷᠥᠮ ᠪᠠᠶᠢᠷᠢᠯᠠᠭᠤᠯᠵᠤ᠂ ᠤᠰᠤ ᠪᠤᠬᠢᠷᠳᠤᠬᠤ ᠡ᠊ᠨᠳᠡᠯ ᠭᠠᠷᠤᠭᠰᠠᠨ ᠦᠶ᠎ᠡ ᠳᠤ ᠬᠥᠭᠦᠷᠭᠡᠨ | ᠳᠡᠭᠡᠷᠡᠬᠢ ᠤᠷᠤᠰᠤᠮᠠᠯ ᠤᠰᠤ ᠶᠢ ᠴᠡᠪᠡᠷᠰᠢᠬᠦᠯᠵᠦ᠂ ᠤᠤᠭᠤᠬᠤ ᠤᠰᠤᠨ ᠤ ᠠᠶᠤᠯ ᠦᠭᠡᠢ ᠶᠢ ᠦᠨᠡᠨᠬᠦ ᠪᠠᠲᠤᠯᠠᠬᠤ | ᠬᠡᠷᠡᠭᠲᠡᠢ᠃ ᠠᠶᠤᠯᠲᠠᠢ ᠬᠢᠮᠢ ᠶᠢᠨ ᠪᠤᠳᠠᠰ ᠲᠡᠭᠡᠭᠡᠪᠦᠷᠢᠯᠡᠬᠦ ᠠᠵᠤ ᠠᠬᠤᠶᠢᠯᠠᠯ ᠬᠢᠨ ᠰᠢᠩᠭᠡᠨ ᠪᠡᠶᠡᠲᠦ ᠠᠶᠤᠯᠲᠠᠢ | ᠬᠢᠮᠢ ᠶᠢᠨ ᠪᠤᠳᠠᠰ ᠠᠴᠢᠶᠠᠯᠠᠵᠤ ᠲᠡᠭᠡᠭᠡᠪᠦᠷᠢᠯᠡᠬᠦ ᠲᠡᠷᠭᠡ ᠬᠥᠰᠬᠡ ᠳᠤ ᠪᠠᠨ ᠡᠷᠬᠡᠪᠰᠢ ᠪᠢᠯᠬᠠᠬᠤ ᠶᠢ ᠰᠡᠷᠭᠡᠶᠢᠯᠡᠬᠦ᠂ | ᠭᠤᠭᠤᠵᠢᠬᠤ ᠶᠢ ᠰᠡᠷᠭᠡᠶᠢᠯᠡᠬᠦ᠂ ᠨᠠᠷᠠᠨ ᠳᠤ ᠰᠢᠷᠠᠭᠳᠠᠬᠤ ᠶᠢ ᠰᠡᠷᠭᠡᠶᠢᠯᠡᠬᠦ ᠵᠡᠷᠭᠡ ᠴᠢᠬᠤᠯᠠ ᠪᠦᠬᠦᠢ ᠬᠠᠮᠠᠭᠠᠯᠠᠯᠲᠠ ᠶᠢᠨ | ᠬᠡᠷᠡᠭᠰᠡᠯ ᠪᠠ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠪᠠᠭᠠᠵᠢ ᠬᠡᠷᠡᠭᠰᠡᠯ ᠲᠣᠬᠢᠷᠠᠭᠤᠯᠵᠤ᠂ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠤᠭᠳᠠᠭᠠᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ | ᠠᠷᠭᠠᠴᠠᠭᠠᠬᠤ ᠰᠣᠷᠢᠯᠲᠠ ᠪᠠᠨ ᠴᠢᠩᠭᠠᠳᠬᠠᠵᠤ᠂ ᠲᠡᠭᠡᠭᠡᠪᠦᠷᠢ ᠶᠢᠨ ᠠᠵᠢᠯᠲᠠᠨ ᠤ ᠵᠠᠮ ᠬᠠᠷᠢᠯᠴᠠᠭᠠᠨ ᠤ ᠠᠮᠤᠷ | ᠲᠦᠪᠰᠢᠨ ᠪᠠ ᠣᠷᠴᠢᠨ ᠠᠬᠤᠢ ᠶᠢ ᠬᠠᠮᠠᠭᠠᠯᠠᠬᠤ ᠦᠵᠡᠯ ᠤᠬᠠᠮᠰᠠᠷ ᠤᠨ ᠪᠣᠯᠪᠠᠰᠤᠷᠠᠭᠤᠯᠤᠯ ᠢ ᠰᠠᠶᠢᠲᠤᠷ ᠬᠢᠬᠦ | ᠬᠡᠷᠡᠭᠲᠡᠢ᠃ ᠡᠭᠦᠨ ᠤ ᠬᠠᠮᠲᠤ ᠳᠣᠲᠣᠭᠠᠳᠤ ᠶᠢ ᠬᠠᠮᠠᠭᠠᠯᠠᠬᠤ᠂ ᠵᠠᠮ ᠲᠡᠭᠡᠭᠡᠪᠦᠷᠢ᠂ ᠤᠰᠤᠨ ᠶᠠᠪᠤᠳᠠᠯ᠂ ᠪᠠᠴᠢᠮ | ᠪᠠᠶᠢᠳᠠᠯ ᠢ ᠠᠷᠭᠠᠴᠠᠭᠠᠬᠤ᠂ ᠠᠮᠢ ᠠᠬᠤᠢ ᠶᠢᠨ ᠣᠷᠴᠢᠨ ᠲᠣᠭᠤᠷᠢᠨ᠂ ᠤᠤᠭᠤᠬᠤ ᠤᠰᠤᠨ ᠤ ᠡᠬᠢ ᠰᠤᠷᠪᠤᠯᠵᠢ ᠶᠢᠨ | ᠬᠠᠮᠠᠭᠠᠯᠠᠯᠲᠠ ᠶᠢᠨ ᠣᠷᠣᠨ ᠪᠠᠶᠢᠭ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠵᠡᠷᠭᠡ ᠶᠢᠨ ᠡᠭᠦᠷᠭᠡ | ᠬᠠᠷᠢᠭᠤᠴᠠᠯᠭ᠎ᠠ ᠶᠢ ᠲᠣᠳᠣᠷᠬᠠᠢ ᠲᠤᠭᠳᠠᠭᠠᠪᠠ᠃ |