ᠵᠠᠷᠤᠳ ᠬᠤᠰᠢᠭᠤ᠄ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠪᠠᠷ ᠬᠦᠳᠤᠯᠤᠨ ᠲᠠᠭᠠᠭᠤᠯᠵᠦ᠂ ᠲᠣᠰᠬᠤᠨ ᠳᠤ ᠰᠠᠭᠤᠭ᠎ᠠ ᠺᠠᠳ᠋ᠷᠴᠤᠳ ᠤᠨ ᠬᠠᠮᠢᠶᠠᠷᠤᠯᠲᠠ ᠶᠢᠨ ᠪᠣᠳᠠᠲᠤ ᠦᠷ᠎ᠡ ᠪᠦᠲᠦᠮᠵᠢ ᠪᠠᠨ ᠲᠡᠭᠡᠭᠰᠢᠯᠡᠭᠦᠯᠪᠡ
ᠨᠡᠶᠢᠲᠡᠯᠡᠭᠰᠡᠨ ᠴᠠᠭ᠄
2022/6/22
     ᠨᠢᠭᠡ ᠰᠠᠯᠠᠭ᠎ᠠ ᠲᠣᠰᠬᠤᠨ ᠳᠤ ᠰᠠᠭᠤᠭ᠎ᠠ ᠰᠢᠯᠢᠳᠡᠭ ᠺᠠᠳ᠋ᠷ ᠤᠨ ᠡᠩᠨᠡᠭᠡ ᠶᠢ ᠪᠠᠶᠢᠭᠤᠯᠬᠤ ᠶᠢᠨ ᠲᠥᠯᠥᠭᠡ᠂ ᠡᠨᠡ ᠵᠢᠯ ᠠᠴᠠ ᠨᠠᠰᠢ᠂ ᠵᠠᠷᠤᠳ ᠬᠤᠰᠢᠭᠤᠨ ᠤ ᠲᠣᠰᠬᠤᠨ ᠳᠤ ᠰᠠᠭᠤᠭ᠎ᠠ ᠺᠠᠳ᠋ᠷᠴᠤᠳ ᠤᠨ ᠬᠠᠮᠢᠶᠠᠷᠤᠯᠲᠠ ᠶᠢᠨ ᠠᠯᠪᠠᠨ ᠭᠡᠷ ᠬᠢᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠲᠣᠰ ᠭᠠᠵᠠᠷ ᠤᠨ ᠠᠵᠢᠯ ᠤᠨ ᠪᠣᠳᠠᠲᠠᠢ ᠳᠤ ᠨᠡᠶᠢᠴᠡᠬᠦ ᠰᠢᠨ᠎ᠡ ᠬᠡᠯᠪᠡᠷᠢ ᠶᠢᠨ ᠲᠣᠰᠬᠤᠨ ᠳᠤ ᠰᠠᠭᠤᠭ᠎ᠠ ᠺᠠᠳ᠋ᠷᠴᠤᠳ ᠤᠨ ᠬᠠᠮᠢᠶᠠᠷᠤᠯᠲᠠ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠲᠣᠰᠬᠤᠨ ᠳᠤ ᠰᠠᠭᠤᠭ᠎ᠠ ᠺᠠᠳ᠋ᠷᠴᠤᠳ ᠢ ᠬᠦᠳᠤᠯᠤᠨ ᠲᠠᠭᠠᠭᠤᠯᠵᠦ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠬᠥᠳᠡᠭᠡ ᠲᠣᠰᠬᠤᠨ ᠤ ᠵᠠᠰᠠᠯᠲᠠ ᠶᠢ ᠲᠡᠭᠦᠯᠳᠡᠷᠵᠢᠭᠦᠯᠬᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠤᠨ ᠲᠠᠯ᠎ᠠ ᠪᠠᠷ ᠦᠨᠡᠨ ᠰᠡᠳᠬᠢᠯ ᠠᠴᠠ ᠪᠠᠨ ᠬᠦᠴᠦᠯᠡᠨ ᠬᠢᠵᠦ᠂ ᠦᠢᠯᠡᠳᠦᠯ ᠢᠶᠠᠨ ᠪᠠᠳᠠᠷᠠᠭᠤᠯᠵᠦ᠂ ᠢᠯᠡᠳᠲᠡ ᠦᠷ᠎ᠡ ᠪᠦᠲᠦᠮᠵᠢ ᠣᠯᠪᠠ᠃      ᠨᠠᠮ ᠤᠨ ᠪᠠᠶᠢᠭᠤᠯᠤᠯᠲᠠ ᠶᠢ ᠪᠠᠬᠢᠵᠢᠭᠦᠯᠵᠦ᠂ ᠲᠠᠶᠢᠴᠢᠨ ᠪᠠᠬᠢᠯᠡᠯᠲᠡ ᠶᠢ ᠪᠠᠶᠢᠭᠤᠯᠤᠨ ᠬᠦᠴᠤᠷᠭᠡᠭᠵᠢᠭᠦᠯᠪᠡ᠃ ᠵᠣᠬᠢᠶᠠᠨ ᠪᠠᠶᠢᠭᠤᠯᠤᠯᠲᠠ ᠬᠦᠴᠦᠷᠬᠡᠭᠵᠢᠪᠡᠯ ᠬᠥᠳᠡᠭᠡ ᠲᠣᠰᠬᠤᠨ ᠬᠦᠴᠦᠷᠬᠡᠭᠵᠢᠨ᠎ᠡ︔ ᠵᠣᠬᠢᠶᠠᠨ ᠪᠠᠶᠢᠭᠤᠯᠤᠯᠲᠠ ᠬᠦᠭᠵᠢᠪᠡᠯ ᠬᠥᠳᠡᠭᠡ ᠲᠣᠰᠬᠤᠨ ᠬᠦᠭᠵᠢᠨ᠎ᠡ᠃ ᠪᠦᠬᠦ ᠬᠤᠰᠢᠭᠤᠨ ᠤ ᠲᠣᠰᠬᠤᠨ ᠳᠤ ᠰᠠᠭᠤᠭ᠎ᠠ ᠺᠠᠳ᠋ᠷ ᠤᠨ ᠨᠠᠮ ᠤᠨ ᠭᠡᠰᠢᠭᠦᠨ ᠤᠯᠠᠨ ᠲᠦᠮᠡᠨ ᠳᠤ ᠦᠢᠯᠡᠴᠢᠯᠡᠬᠦ ᠠᠷᠭ᠎ᠠ ᠵᠠᠮ ᠢ ᠥᠷᠭᠡᠳᠬᠡᠵᠦ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠪᠠᠭ ᠢ ᠬᠠᠪᠰᠤᠷᠤᠨ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ  ᠶᠢ ᠰᠠᠶᠢᠲᠤᠷ ᠬᠢᠵᠦ᠂ ︽ᠭᠤᠷᠪᠠᠨ ᠬᠤᠷᠠᠯ ᠨᠢᠭᠡ ᠬᠢᠴᠢᠶᠡᠯ︾᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ᠂ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠠᠵᠢᠯ ᠢ ᠬᠠᠪᠰᠤᠷᠤᠨ ᠳᠡᠭᠡᠭᠰᠢᠯᠡᠭᠦᠯᠵᠦ᠂ ᠭᠠᠴᠠᠭ᠎ᠠ ᠲᠣᠰᠬᠤᠨ ᠤ ᠵᠢᠭᠰᠠᠭᠠᠯ ᠤᠨ ᠭᠠᠵᠠᠷ ᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠵᠢᠯᠣᠭᠤᠳᠤᠨ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ︽ᠬᠠᠮᠤᠭ ᠤᠨ ᠬᠦᠴᠦᠷᠬᠡᠭ ᠨᠠᠮ ᠤᠨ ᠡᠭᠦᠷ︾ ᠢᠶᠠᠷ ᠬᠥᠲᠥᠯᠥᠨ ᠳᠠᠭᠠᠭᠤᠯᠬᠤ ᠶᠢ ᠭᠦᠢᠴᠡᠳᠭᠡᠵᠦ᠂ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠢᠭ᠋ ᠢᠶᠠᠷ ᠳᠠᠶᠢᠴᠢᠯᠠᠬᠤ᠂ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠪᠠᠷ ᠣᠯᠠᠨ ᠲᠦᠮᠡᠨ ᠲᠠᠢ ᠬᠠᠷᠢᠯᠴᠠᠵᠤ ᠦᠢᠯᠡᠴᠢᠯᠡᠬᠦ ᠰᠢᠨ᠎ᠡ ᠪᠠᠶᠢᠷᠢᠰᠢᠯ ᠢ ᠪᠣᠶ ᠪᠤᠯᠭᠠᠪᠠ᠃      ᠵᠠᠭᠪᠤᠷ ᠤᠨ ᠰᠢᠨ᠎ᠡ ᠶᠢ ᠡᠭᠦᠳᠴᠦ᠂ ᠱᠠᠭᠠᠷᠳᠠᠨ ᠵᠢᠯᠤᠭᠤᠳᠴᠤ ᠬᠠᠮᠢᠶᠠᠷᠬᠤ ᠶᠢ ᠴᠢᠩᠳᠠᠯᠠᠪᠠ᠃ ᠪᠥᠬᠦ ᠬᠤᠰᠢᠭᠤᠨ ᠤ ᠡᠯ᠎ᠡ ᠪᠠᠶᠢᠭᠤᠯᠤᠯᠭ᠎ᠠ ᠨᠢᠭᠡᠴᠡ ᠬᠢᠭᠡᠳ ᠬᠤᠯᠪᠤᠭᠠᠯᠭᠰᠠᠨ ᠰᠤᠮᠤ ᠪᠠᠯᠭᠠᠰᠤ ᠲᠠᠯᠠᠪᠠᠢ ᠬᠢᠨ ᠲᠠᠢ ︽ᠨᠠᠮ ᠤᠨ ᠡᠭᠦᠷ + ᠨᠠᠮ ᠤᠨ ᠡᠭᠦᠷ︾ ᠤᠨ ᠨᠠᠮ ᠤᠨ ᠪᠠᠶᠢᠭᠤᠯᠤᠯᠲᠠ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠤᠶᠠᠯᠳᠤᠭᠤᠯᠤᠭᠰᠠᠨ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠵᠦ᠂ ᠵᠢᠴᠢ ᠲᠣᠮᠢᠯᠠᠨ ᠰᠠᠭᠤᠯᠭᠠᠭᠰᠠᠨ ᠲᠣᠰᠬᠤᠨ ᠤ ᠺᠠᠳ᠋ᠷ ᠬᠤᠯᠪᠤᠭᠠᠯᠭᠰᠠᠨ ᠰᠤᠮᠤ ᠪᠠᠯᠭᠠᠰᠤ ᠲᠠᠯᠠᠪᠠᠢ ᠶᠢᠨ ᠭᠠᠴᠠᠭ᠎ᠠ ᠲᠣᠰᠬᠤᠨ ᠳᠤ ᠰᠠᠭᠤᠵᠦ᠂ ᠣᠶᠤᠨ ᠴᠢᠳᠠᠯ ᠢᠶᠠᠨ ᠲᠥᠪᠯᠡᠷᠡᠭᠦᠯᠦᠨ᠂ ᠬᠠᠷᠠᠯᠲᠠ ᠪᠠᠨ ᠨᠢᠭᠡᠳᠬᠡᠵᠦ᠂ ᠬᠠᠮᠢᠶᠠᠷᠬᠤ ᠳᠤ ᠲᠥᠬᠦᠮ ᠪᠣᠯᠭᠠᠪᠠ᠃ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠ ᠵᠣᠬᠢᠶᠠᠨ ᠪᠠᠶᠢᠭᠤᠯᠬᠤ ᠬᠡᠯᠲᠡᠰ ᠠᠴᠠ ᠲᠣᠰᠬᠤᠨ ᠳᠤ ᠰᠠᠭᠤᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠳᠣᠣᠷ᠎ᠠ ᠪᠠᠨ ᠠᠯᠪᠠᠨ ᠭᠡᠷ ᠭᠠᠷᠭᠠᠵᠤ ᠲᠣᠰᠬᠤᠨ ᠳᠤ ᠰᠠᠭᠤᠬᠤ ᠺᠠᠳ᠋ᠷᠴᠤᠳ ᠤᠨ ᠡᠳᠦᠷ ᠲᠤᠲᠤᠮ ᠤᠨ ᠬᠠᠮᠢᠶᠠᠷᠤᠯᠲᠠ ᠶᠢ ᠬᠠᠷᠢᠭᠤᠴᠠᠪᠠ︔ ᠲᠣᠰᠬᠤᠨ ᠳᠤ ᠰᠠᠭᠤᠬᠤ ᠠᠵᠢᠯ ᠤᠨ ᠤᠳᠤᠷᠢᠳᠬᠤ ᠳᠤᠭᠤᠶᠢᠯᠠᠩ ᠬᠢᠨ ᠭᠠᠴᠠᠭ᠎ᠠ ᠲᠣᠰᠬᠤᠨ ᠤ ︽ᠬᠤᠶᠠᠷ ᠵᠥᠪᠯᠡᠯ︾᠂ ᠨᠠᠮ ᠤᠨ ᠭᠡᠰᠢᠭᠦᠨ ᠣᠯᠠᠨ ᠲᠦᠮᠡᠨ᠂ ᠶᠠᠳᠠᠭᠤ ᠠᠴᠠ ᠠᠩᠭᠢᠵᠢᠷᠠᠭᠤᠯᠬᠤ ᠡᠷᠦᠬᠡ ᠪᠠ ᠬᠢᠨᠠᠨ  ᠬᠠᠮᠢᠶᠠᠷᠬᠤ ᠡᠷᠦᠬᠡ ᠲᠠᠢ ᠶᠠᠷᠢᠯᠴᠠᠬᠤ᠂ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢᠨ ᠠᠵᠢᠯᠯᠠᠬᠤ ᠲᠠᠯᠠᠪᠤᠷ ᠪᠠ ᠰᠠᠭᠤᠭ᠎ᠠ ᠭᠠᠵᠠᠷ ᠢ ᠪᠠᠶᠢᠴᠠᠭᠠᠨ ᠦᠵᠡᠬᠦ᠂ ᠲᠣᠰᠬᠤᠨ ᠳᠤ ᠰᠠᠭᠤᠬᠤ ᠺᠠᠳ᠋ᠷᠴᠤᠳ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠲᠠᠮᠵᠢᠨ᠂ ᠲᠣᠰᠬᠤᠨ ᠳᠤ ᠰᠠᠭᠤᠬᠤ ᠺᠠᠳ᠋ᠷᠴᠤᠳ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠶᠠᠳᠠᠭᠤ ᠠᠴᠠ ᠠᠩᠭᠢᠵᠢᠷᠠᠭᠤᠯᠬᠤ ᠬᠥᠳᠡᠯᠦᠩᠭᠦᠢ ᠬᠢᠨᠠᠨ ᠬᠡᠮᠵᠢᠯᠲᠡ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠤᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠨᠠᠷᠢᠨ ᠤᠶᠢᠯᠠᠭᠠᠪᠠ᠃       ᠪᠣᠯᠪᠠᠰᠤᠷᠠᠭᠤᠯᠤᠯ ᠢ ᠴᠢᠩᠭᠠᠳᠬᠠᠵᠤ᠂ ᠬᠠᠪᠰᠤᠷᠤᠨ ᠲᠡᠳᠬᠦᠬᠦ ᠴᠢᠳᠠᠪᠤᠷᠢ ᠪᠠᠨ ᠨᠡᠮᠡᠭᠳᠡᠭᠦᠯᠪᠡ᠃ ᠵᠢᠯ ᠤᠨ ᠡᠬᠢᠨ ᠠᠴᠠ ᠨᠠᠰᠢ᠂ ᠬᠤᠰᠢᠭᠤᠨ ᠤ ᠲᠣᠰᠬᠤᠨ ᠳᠤ ᠰᠠᠭᠤᠭ᠎ᠠ  ᠠᠵᠢᠯ ᠤᠨ ᠬᠠᠮᠢᠶᠠᠷᠤᠯᠲᠠ ᠶᠢᠨ ᠠᠯᠪᠠᠨ ᠭᠡᠷ ᠠᠴᠠ ᠪᠥᠬᠦ ᠬᠤᠰᠢᠭᠤᠨ ᠤ 202 ᠨᠡᠷᠡᠰ ᠲᠣᠰᠬᠤᠨ ᠳᠤ ᠰᠠᠭᠤᠭ᠎ᠠ ᠺᠠᠳ᠋ᠷ ᠢ ᠵᠣᠬᠢᠶᠠᠨ ᠪᠠᠶᠢᠭᠤᠯᠵᠤ᠂ ᠬᠤᠲᠠ ᠶᠢᠨ ᠲᠣᠰᠬᠤᠨ ᠳᠤ ᠰᠠᠭᠤᠭ᠎ᠠ ᠠᠵᠢᠯ ᠤᠨ ᠠᠯᠪᠠᠨ ᠭᠡᠷ ᠤᠨ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠳᠤ 3 ᠤᠳᠠᠭ᠎ᠠ ᠣᠷᠣᠯᠴᠠᠭᠤᠯᠪᠠ︔ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠢᠨ ᠬᠤᠰᠢᠭᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠠᠢ ᠬᠠᠮᠵᠢᠯᠴᠠᠬᠤ ᠪᠠᠷ ᠳᠡᠮᠵᠢᠨ᠂ ᠪᠥᠬᠦ ᠬᠤᠰᠢᠭᠤᠨ ᠤ ᠲᠣᠰᠬᠤᠨ ᠳᠤ ᠰᠠᠭᠤᠭ᠎ᠠ ᠺᠠᠳ᠋ᠷᠴᠤᠳ ᠢ ᠵᠣᠬᠢᠶᠠᠨ ᠪᠠᠶᠢᠭᠤᠯᠵᠤ ᠰᠦᠯᠵᠢᠶᠡᠨ ᠳᠡᠭᠡᠷ᠎ᠡ 2 ᠤᠳᠠᠭ᠎ᠠ ᠪᠤᠯᠪᠠᠰᠤᠷᠠᠯ ᠬᠢᠪᠡ᠃ ᠡᠭᠦᠨ ᠤ ᠬᠠᠮᠲᠤ᠂ ᠲᠣᠰᠬᠤᠨ ᠳᠤ ᠰᠠᠭᠤᠭ᠎ᠠ ᠺᠠᠳ᠋ᠷᠴᠤᠳ ᠤᠨ ᠬᠡᠰᠡᠭ ᠪᠤᠰᠠᠭ ᠴᠠᠭ ᠢᠶᠠᠨ ᠠᠰᠢᠭᠯᠠᠨ ᠥᠪᠡᠷ ᠢᠶᠠᠨ ᠰᠤᠷᠤᠯᠴᠠᠬᠤ ᠶᠢ ᠵᠣᠷᠢᠭᠵᠢᠭᠤᠯᠵᠤ᠂ ᠠᠵᠢᠯ ᠰᠤᠷᠤᠯᠴᠠᠯᠭ᠎ᠠ ᠠᠯᠢᠨ ᠢ ᠨᠢ ᠴᠦ ᠰᠠᠭᠠᠲᠠᠭᠠᠬᠤ ᠦᠭᠡᠢ᠂ ᠬᠤᠶᠠᠷ ᠢ ᠠᠬᠢᠭᠤᠯᠬᠤ ᠶᠢ  ᠪᠡᠶᠡᠯᠡᠭᠦᠯᠪᠡ᠃ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠰᠠᠭᠤᠭ᠎ᠠ ᠭᠠᠵᠠᠷ ᠲᠤ ᠬᠦᠷᠴᠦ ᠲᠣᠰᠬᠤᠨ ᠳᠤ ᠰᠠᠭᠤᠭ᠎ᠠ ᠡᠳᠦᠷ ᠤᠨ ᠲᠡᠮᠳᠡᠭᠯᠡᠯ  ᠢ ᠨᠢ ᠪᠠᠶᠢᠴᠠᠭᠠᠨ ᠦᠵᠡᠵᠦ᠂ ᠶᠠᠷᠢᠯᠴᠠᠵᠤ ᠰᠤᠯᠢᠯᠴᠠᠵᠦ ᠪᠠᠶᠢᠭᠠᠳ ᠰᠤᠷᠤᠯᠴᠠᠯᠭ᠎ᠠ ᠶᠢᠨ ᠪᠠᠶᠢᠳᠠᠯ ᠢ ᠨᠢ ᠣᠶᠢᠯᠠᠭᠠᠵᠤ ᠂ ᠪᠠᠶᠢᠩᠭᠤ ᠶᠢᠨ ᠪᠣᠯᠪᠠᠰᠤᠷᠠᠯ ᠢᠶᠠᠷ ᠲᠠᠮᠵᠢᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠳ ᠤᠨ ᠲᠦᠷᠦ ᠶᠢᠨ ᠪᠣᠳᠣᠯᠭ᠎ᠠ ᠲᠤᠬᠠᠶᠢᠯᠠᠭᠰᠠᠨ ᠠᠵᠢᠯ ᠢᠶᠠᠨ ᠣᠶᠢᠯᠠᠭᠠᠬᠤ ᠬᠡᠮᠵᠢᠶ᠎ᠡ ᠶᠢ ᠨᠢ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠪᠠᠲᠤᠳᠬᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠰᠤ ᠴᠢᠨᠠᠷ ᠪᠣᠯᠣᠨ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠭᠦᠯᠪᠡ᠃      ᠬᠡᠪ ᠵᠠᠭᠪᠤᠷ ᠤᠨ ᠰᠢᠨ᠎ᠡ ᠶᠢ ᠡᠭᠦᠳᠴᠦ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠪᠠ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠵᠤ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠶᠢᠨ ︽ᠬᠥᠳᠡᠯᠭᠡᠭᠦᠷ︾ ᠮᠥᠨ᠃ ᠪᠥᠬᠦ ᠬᠤᠰᠢᠭᠤᠨ ᠤ ᠲᠣᠰᠬᠤᠨ ᠳᠤ ᠰᠠᠭᠤᠭ᠎ᠠ ᠺᠠᠳ᠋ᠷᠴᠤᠳ ᠠᠴᠠ ᠠᠷᠠᠳ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠲᠤᠯᠭᠠᠭᠤᠷᠢ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠢᠳᠡᠪᠬᠢᠲᠡᠢ ᠬᠥᠭᠵᠢᠭᠦᠯᠵᠦ᠂ ᠳᠠᠷᠢᠬᠤ᠂ ᠲᠡᠵᠢᠭᠡᠬᠦ᠂ ᠪᠤᠯᠪᠠᠰᠤᠷᠠᠭᠤᠯᠬᠤ᠂ ᠪᠣᠷᠣᠯᠠᠭᠤᠯᠬᠤ ᠪᠥᠬᠦ ᠠᠵᠤ ᠦᠢᠯᠡᠰ ᠤᠨ ᠬᠡᠯᠬᠢᠶ᠎ᠡ ᠶᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠭᠡᠪᠡ᠃ ᠭᠠᠴᠠᠭ᠎ᠠ ᠲᠣᠰᠬᠤᠨ ᠤ ᠪᠣᠳᠠᠲᠠᠢ ᠪᠠᠶᠢᠳᠠᠯ ᠢ ᠦᠨᠳᠦᠰᠦᠯᠡᠨ᠂ ᠭᠠᠵᠠᠷ ᠣᠷᠣᠨ ᠤ ᠣᠨᠴᠠᠯᠢᠭ ᠲᠠᠢ ᠪᠠᠨ ᠤᠶᠠᠯᠳᠤᠭᠤᠯᠤᠨ᠂ ᠰᠡᠳᠬᠢᠬᠦᠢ ᠶᠢᠨ ᠵᠠᠭᠪᠤᠷ ᠤᠨ ᠰᠢᠨ᠎ᠡ ᠶᠢ ᠡᠭᠦᠳᠴᠦ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠰᠡᠳᠬᠢᠮᠵᠢ ᠶᠢ ᠰᠦᠪᠡᠭᠴᠢᠯᠡᠵᠦ᠂ ᠬᠠᠷᠠᠯᠲᠠ ᠲᠠᠢ ᠪᠠᠷ ᠨᠠᠷᠢᠨ ᠬᠠᠭᠤᠳᠠᠰᠤ ᠶᠢ ᠣᠨᠣᠴᠠᠲᠠᠢ ᠲᠤᠭᠳᠠᠭᠠᠪᠠ᠃ ᠣᠳᠣᠬᠠᠨ ᠳᠤ᠂ ᠪᠥᠬᠦ ᠬᠤᠰᠢᠭᠤᠨ ᠤ ᠡᠯ᠎ᠡ ᠭᠠᠴᠠᠭ᠎ᠠ ᠲᠣᠰᠬᠤᠨ ᠳᠤ ᠴᠥᠮ ᠨᠠᠮ ᠤᠨ ᠡᠭᠦᠷ ᠠᠴᠠ ᠳᠠᠭᠠᠭᠤᠯᠤᠨ ᠡᠷᠭᠢᠯᠡᠭᠰᠡᠨ ᠬᠤᠷᠰᠢᠶ᠎ᠠ ᠲᠠᠢ ᠪᠤᠯᠪᠠ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠬᠤ ᠪᠠᠷ ᠳᠡᠮᠵᠢᠨ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠶᠢᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠢ ᠬᠥᠭᠵᠢᠭᠦᠯᠬᠦ᠂ ᠠᠵᠤ ᠦᠢᠯᠡᠰ ᠤᠨ ᠬᠡᠯᠬᠢᠶᠡᠰᠦ ᠶᠢ ᠤᠯᠠᠮ ᠨᠢᠭᠡ ᠠᠯᠬᠤᠮ ᠤᠷᠲᠤᠳᠬᠠᠬᠤ ᠶᠢ ᠠᠬᠢᠭᠤᠯᠪᠠ᠃ ᠠᠵᠤ ᠦᠢᠯᠡᠰ ᠤᠨ ᠬᠥᠭᠵᠢᠯᠲᠡ ᠶᠢᠨ ᠶᠠᠪᠤᠴᠠ ᠳᠤ᠂ ᠲᠣᠰᠬᠤᠨ ᠳᠤ ᠰᠠᠭᠤᠭ᠎ᠠ ᠺᠠᠳ᠋ᠷᠴᠤᠳ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ᠂ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠲᠠᠷᠢᠶᠠᠴᠢᠨ ᠲᠠᠢ ᠬᠤᠯᠪᠣᠭᠠᠯᠠᠵᠤ ᠲᠠᠷᠢᠶᠠᠴᠢᠨ ᠢ ᠲᠠᠶᠢᠴᠢᠯᠠᠵᠤ ᠲᠠᠷᠢᠶᠠᠴᠢᠨ ᠢ ᠪᠠᠶᠠᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠴᠢᠨ ᠡᠷᠦᠭᠡ ᠪᠣᠯᠣᠨ ᠬᠤᠷᠰᠢᠶ᠎ᠠ᠂ ᠬᠤᠷᠰᠢᠶ᠎ᠠ ᠪᠣᠯᠣᠨ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠵᠤ᠂ ᠣᠷᠣᠯᠭ᠎ᠠ ᠪᠠᠭᠠᠲᠠᠢ ᠬᠥᠮᠥᠨ ᠠᠮᠠ ᠶᠢᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠲᠠᠰᠤᠷᠠᠯᠳᠠ ᠦᠭᠡᠢ ᠥᠷᠭᠡᠳᠬᠡᠪᠡ᠃      ᠠᠷᠠᠳ ᠲᠦᠮᠡᠨ ᠳᠤ ᠦᠢᠯᠡᠴᠢᠯᠡᠵᠦ᠂ ᠵᠠᠰᠠᠯᠲᠠ ᠶᠢᠨ ᠲᠦᠪᠰᠢᠨ ᠢᠶᠠᠨ ᠲᠡᠭᠡᠭᠰᠢᠯᠡᠭᠦᠯᠪᠡ᠃ ᠲᠣᠰᠬᠤᠨ ᠳᠤ ᠰᠠᠭᠤᠭ᠎ᠠ ᠺᠠᠳ᠋ᠷ ᠡᠷᠦᠬᠡ ᠪᠦᠷᠢ ᠶᠢᠨ ᠪᠠᠶᠢᠳᠠᠯ ᠢ ᠰᠡᠳᠬᠢᠯ ᠲᠠᠯᠪᠢᠨ ᠡᠵᠡᠮᠰᠢᠵᠦ᠂ ᠨᠠᠮ ᠤᠨ ᠭᠡᠰᠢᠭᠦᠨ ᠤ ᠬᠢᠷᠢ ᠭᠡᠮ  ᠢᠶᠠᠨ ᠴᠠᠭ ᠢᠮᠠᠭᠲᠠ ᠮᠠᠷᠲᠠᠬᠤ ᠦᠭᠡᠢ ᠪᠠᠶᠢᠵᠤ᠂ ᠢᠮᠠᠭᠲᠠ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠳᠤᠮᠳᠠ ᠵᠣᠭᠰᠣᠵᠤ᠂ ᠤᠯᠠᠨ ᠲᠦᠮᠡᠨ ᠬᠠᠮᠢᠭ᠎ᠠ ᠪᠠᠶᠢᠪᠠᠯ ᠨᠠᠮ ᠤᠨ ᠠᠵᠢᠯ ᠢ ᠲᠡᠨᠳᠡ ᠬᠦᠷᠲᠡᠯ᠎ᠡ ᠬᠢᠵᠦ᠂ ᠤᠯᠠᠨ ᠲᠦᠮᠡᠨ ᠢ ᠴᠠᠭ ᠢᠮᠠᠭᠲᠠ ᠦᠢᠯᠡᠴᠢᠯᠡᠬᠦ ᠡᠲᠡᠭᠡᠳ ᠢᠶᠠᠨ ᠪᠣᠯᠭᠠᠵᠤ᠂ ᠤᠯᠠᠨ ᠲᠦᠮᠡᠨ ᠤ ᠬᠠᠯᠠᠭᠤᠨ ᠪᠦᠯᠢᠶᠡᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ ᠪᠠ ᠲᠠᠶᠢᠴᠢᠨ ᠬᠦᠴᠦᠨ ᠢ ᠴᠢᠩᠭᠠᠳᠬᠠᠪᠠ᠃ ᠣᠯᠠᠨ ᠲᠦᠮᠡᠨ ᠢ ᠳᠠᠶᠢᠴᠢᠯᠠᠨ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠵᠣᠷᠯᠣᠩ ᠤᠨ ᠥᠭᠡᠷᠡᠴᠢᠯᠡᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠡᠷᠦᠬᠡ ᠳᠠᠷᠠᠭᠠᠯᠠᠨ ᠪᠠᠶᠢᠴᠠᠭᠠᠵᠤ᠂ ᠭᠠᠴᠠᠭ᠎ᠠ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ᠂ ᠪᠣᠬᠢᠷ ᠤᠰᠤ ᠶᠢ ᠰᠢᠢᠳᠪᠦᠷᠢᠯᠡᠬᠦ ᠣᠷᠴᠢᠨ ᠲᠣᠭᠤᠷᠢᠨ ᠤ ᠠᠷᠢᠭᠤᠨ ᠴᠡᠪᠡᠷ ᠢ ᠵᠠᠰᠠᠬᠤ ᠶᠢ ᠢᠳᠡᠪᠬᠢᠲᠡᠢ ᠥᠷᠨᠢᠭᠦᠯᠵᠦ᠂ ᠲᠣᠰᠬᠤᠨ ᠤ ᠲᠦᠷᠢᠮ ᠠᠷᠠᠳ ᠤᠨ ᠭᠡᠷ᠎ᠡ᠂ ᠬᠤᠪᠢ ᠬᠤᠷᠠᠮᠳᠤᠭᠤᠯᠬᠤ ᠬᠡᠲᠦ ᠳᠡᠯᠭᠡᠭᠦᠷ ᠵᠡᠷᠭᠡ ᠬᠡᠯᠪᠡᠷᠢ ᠪᠠᠷ ᠲᠠᠮᠵᠢᠨ ᠣᠯᠠᠨ ᠲᠦᠮᠡᠨ ᠢ ᠳᠠᠶᠢᠴᠢᠯᠠᠨ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤᠪᠠᠷ ᠪᠦᠲᠦᠭᠡᠨ ᠪᠠᠶᠢᠭᠤᠯᠵᠤ᠂ ᠭᠠᠴᠠᠭ᠎ᠠ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠲᠦᠭᠦᠭᠡᠷᠤᠮᠵᠢ ᠶᠢ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠪᠡ᠃      ᠭᠠᠯᠲᠤ ᠲᠡᠷᠭᠡ ᠲᠦᠷᠭᠡᠨ ᠳᠠᠪᠬᠢᠬᠤ ᠨᠢ ᠲᠡᠷᠭᠡᠨ ᠤ ᠲᠣᠯᠣᠭᠠᠢ ᠳᠤ ᠲᠦᠰᠢᠭᠯᠡᠨ᠎ᠡ᠃ ᠵᠠᠷᠤᠳ ᠬᠤᠰᠢᠭᠤᠨ ᠤ ᠲᠣᠰᠬᠤᠨ ᠳᠤ ᠰᠠᠭᠤᠭ᠎ᠠ ᠠᠵᠢᠯ ᠤᠨ ᠬᠠᠮᠢᠶᠠᠷᠤᠯᠲᠠ ᠶᠢᠨ ᠠᠯᠪᠠᠨ ᠭᠡᠷ ᠠᠴᠠ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠬᠤ ᠪᠠᠷ ᠳᠡᠮᠵᠢᠨ᠂ ᠲᠣᠰᠬᠤᠨ ᠳᠤ ᠰᠠᠭᠤᠭ᠎ᠠ ᠺᠠᠳ᠋ᠷᠴᠤᠳ ᠤᠨ ᠬᠠᠮᠢᠶᠠᠷᠤᠯᠲᠠ ᠶᠢᠨ ︽ᠬᠠᠮ ᠠᠷᠭ᠎ᠠ︾ ᠶᠢ ᠰᠠᠶᠢᠲᠤᠷ ᠬᠡᠷᠡᠭᠵᠢᠭᠦᠯᠵᠦ᠂ ᠲᠣᠰᠬᠤᠨ ᠳᠤ ᠰᠠᠭᠤᠭ᠎ᠠ ᠺᠠᠳ᠋ᠷᠴᠤᠳ ᠤᠨ ᠣᠨᠣᠯ ᠤᠨ ᠬᠢᠷᠢ ᠲᠦᠪᠰᠢᠨ ᠪᠠ ᠶᠡᠷᠦᠩᠬᠡᠶᠢᠯᠡᠭᠰᠡᠨ ᠬᠡᠪ ᠴᠢᠨᠠᠷ ︽ᠬᠤᠣᠰ ᠳᠡᠭᠡᠭᠰᠢᠯᠡᠯᠲᠡ︾ ᠶᠢ ᠤᠯᠠᠮ ᠨᠢᠭᠡ ᠠᠯᠬᠤᠮ ᠪᠡᠶᠡᠯᠡᠭᠦᠯᠵᠦ᠂ ᠲᠣᠰᠬᠤᠨ ᠳᠤ ᠰᠠᠭᠤᠭ᠎ᠠ ᠺᠠᠳ᠋ᠷᠴᠤᠳ ᠢ ᠦᠨᠡᠨᠬᠦ ᠠᠷᠠᠳ ᠣᠯᠠᠨ ᠳᠤ ᠦᠢᠯᠡᠴᠢᠯᠡᠬᠦ᠂ ᠤᠯᠤᠰ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠠᠰᠢᠷ ᠮᠡᠷᠭᠡᠵᠢᠯᠲᠡᠨ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤᠮᠳᠠ ︽ᠠᠬᠢᠭᠤᠯᠤᠭᠴᠢ︾ ᠶᠢᠨ ᠦᠢᠯᠡᠳᠦᠯ ᠢ ᠪᠠᠳᠠᠷᠠᠭᠤᠯᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号