ᠵᠠᠷᠤᠳ ᠬᠤᠰᠢᠭᠤ᠄ ︽ᠣᠷᠢᠬᠤ ᠬᠦᠮᠦᠵᠢᠭᠦᠯᠬᠦ ᠦᠯᠡᠳᠡᠭᠡᠬᠦ︾ ᠪᠥᠬᠦ ᠬᠡᠯᠬᠢᠶ᠎ᠡ ᠶᠢᠨ ᠴᠢᠳᠠᠪᠤᠷᠢᠲᠠᠨ ᠤ ᠬᠥᠭᠵᠢᠯᠲᠡ ᠶᠢᠨ ᠰᠢᠨ᠎ᠡ ᠥᠨᠳᠦᠷᠯᠢᠭ ᠢ ᠪᠠᠶᠢᠭᠤᠯᠪᠠ
ᠨᠡᠶᠢᠲᠡᠯᠡᠭᠰᠡᠨ ᠴᠠᠭ᠄
2022/6/22
        ᠵᠠᠷᠤᠳ ᠬᠤᠰᠢᠭᠤ ᠣᠷᠣᠨ ᠪᠦᠰᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ ︽ᠨᠢᠭᠡ ᠲᠥᠪ ᠣᠯᠠᠨ ᠴᠡᠭ︾ ᠤᠨ ᠴᠢᠳᠠᠪᠤᠷᠢᠲᠠᠨ ᠤ ᠠᠵᠢᠯ ᠤᠨ ᠪᠠᠶᠢᠷᠢᠰᠢᠯ ᠳᠤ ᠠᠭᠤᠰᠤᠯᠴᠠᠨ᠂ ᠴᠢᠳᠠᠪᠤᠷᠢᠲᠠᠨ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠠᠬᠢᠭᠤᠯᠵᠤ᠂ ︽ᠣᠷᠢᠬᠤ᠂ ᠬᠥᠮᠥᠵᠢᠭᠦᠯᠬᠦ᠂ ᠦᠯᠡᠳᠡᠭᠡᠬᠦ︾ ᠪᠥᠬᠦ ᠬᠡᠯᠬᠢᠶ᠎ᠡ ᠶᠢᠨ ᠴᠢᠳᠠᠪᠤᠷᠢᠲᠠᠨ ᠢ ᠬᠥᠮᠥᠵᠢᠭᠦᠯᠬᠦ ᠢᠨᠵᠧᠨᠧᠷᠢᠩ ᠢ ᠰᠠᠶᠢᠲᠤᠷ ᠬᠢᠬᠦ ᠶᠢ ᠪᠠᠷᠢᠮᠲᠠᠯᠠᠨ ᠂ ᠴᠢᠳᠠᠪᠤᠷᠢᠲᠠᠨ ᠤ ᠬᠥᠭᠵᠢᠯᠲᠡ ᠶᠢᠨ ᠰᠢᠨ᠎ᠡ ᠥᠨᠳᠦᠷᠯᠢᠭ ᠢ ᠴᠢᠷᠮᠠᠶᠢᠨ ᠪᠠᠶᠢᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠭᠴᠢ ᠡᠨᠧᠷᠭᠢ ᠨᠡᠮᠡᠷᠢᠯᠡᠪᠡ᠃     ᠣᠨᠣᠴᠠᠲᠠᠢ ᠬᠦᠴᠦᠯᠡᠵᠦ᠂ ᠴᠢᠳᠠᠪᠤᠷᠢᠲᠠᠨ ᠣᠷᠢᠬᠤ ︽ᠰᠣᠷᠢᠨᠵᠢᠨ ᠤᠷᠤᠨ︾ ᠢ ᠪᠠᠶᠢᠭᠤᠯᠪᠠ᠃ ︽ᠠᠷᠪᠠᠨ ᠶᠡᠭᠡ ᠠᠵᠤ ᠦᠢᠯᠡᠰ ᠤᠨ ᠬᠡᠯᠬᠢᠶ᠎ᠡ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠳᠠᠯᠳᠤᠭᠠᠴᠢᠨ ᠤᠷᠢᠬᠤ + ᠴᠢᠳᠠᠪᠤᠷᠢᠲᠠᠨ ᠣᠷᠢᠬᠤ︾ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠠᠵᠤ ᠦᠢᠯᠡᠰ ᠤᠨ ᠬᠡᠷᠡᠭᠴᠡᠭᠡ ᠬᠢᠭᠡᠳ ᠴᠢᠳᠠᠪᠤᠷᠢᠲᠠᠨ ᠤ ᠬᠠᠩᠭᠠᠯᠭ᠎ᠠ ᠶᠢ ᠣᠨᠣᠴᠠᠲᠠᠢ ᠲᠣᠬᠢᠷᠠᠭᠤᠯᠬᠤ ᠶᠢ ᠲᠦᠯᠬᠢᠨ ᠠᠬᠢᠭᠤᠯᠵᠤ᠂ ᠨᠢᠭᠡ ᠴᠢᠳᠠᠪᠤᠷᠢᠲᠠᠨ ᠣᠷᠢᠪᠠᠯ᠂ ᠨᠢᠭᠡ ᠲᠥᠷᠥᠯ ᠵᠦᠢᠯ ᠢ ᠨᠣᠲᠣᠭᠰᠢᠭᠤᠯᠵᠤ᠂ ᠨᠢᠭᠡ ᠠᠵᠤ ᠦᠢᠯᠡᠰ ᠢ ᠳᠠᠶᠢᠴᠢᠯᠠᠬᠤ ᠶᠢ  ᠪᠡᠶᠡᠯᠡᠭᠦᠯᠪᠡ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠠᠴᠠ ᠬᠤᠷᠢᠶ᠎ᠠ ᠪᠠ ᠡᠮ ᠡᠮᠨᠡᠯᠭᠡ ᠶᠢᠨ ᠬᠤᠯᠪᠣᠭᠠᠲᠤ ᠴᠣᠭᠴᠠ ᠶᠢ ᠬᠠᠮᠲᠤ ᠪᠠᠷ ᠪᠠᠶᠢᠭᠤᠯᠤᠭᠰᠠᠨ ᠤ ᠳᠠᠷᠠᠭ᠎ᠠ᠂ ᠳ᠋ᠣᠺᠲ᠋ᠣᠷ ᠪᠠ ᠠᠬᠠᠯᠠᠭᠴᠢ ᠳ᠋ᠣᠺᠲ᠋ᠣᠷ ᠨᠡᠶᠢᠲᠡ 14 ᠬᠦᠮᠦᠰ ᠢ ᠣᠶᠠᠨ ᠢᠶᠠᠷ ᠣᠷᠣᠭᠤᠯᠤᠨ ᠠᠪᠴᠢᠷᠠᠵᠤ᠂ 8 ᠰᠠᠯᠠᠭ᠎ᠠ ᠲᠠᠰᠤᠭ ᠢ ᠳᠠᠶᠢᠴᠢᠯᠠᠨ 6 ᠡᠮ ᠡᠮᠨᠡᠯᠭᠡ ᠶᠢᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠵᠢᠯ ᠤᠨ ᠣᠷᠣᠯᠭ᠎ᠠ 300 ᠭᠠᠷᠤᠢ ᠲᠦᠮᠡᠨ ᠲᠥᠭᠦᠷᠢᠭ ᠨᠡᠮᠡᠭᠳᠡᠪᠡ᠃ ᠨᠤᠲᠤᠭ ᠤᠨ ᠬᠠᠶᠢᠷ᠎ᠠ ᠰᠡᠳᠬᠢᠯᠭᠡ ᠨᠤᠲᠤᠭ ᠤᠨ ᠮᠥᠷᠥᠭᠡᠳᠦᠯ ᠢᠶᠠᠷ ᠬᠤᠯᠪᠣᠭᠠᠰᠤ ᠪᠣᠯᠭᠠᠵᠤ᠂ ︽ᠣᠷᠣᠨ ᠪᠦᠰᠡ ᠶᠢᠨ ᠭᠠᠳᠠᠨᠠᠬᠢ ᠴᠢᠳᠠᠪᠤᠷᠢᠲᠠᠨ ᠢ ᠪᠤᠴᠠᠭᠠᠨ ᠠᠪᠴᠢᠷᠠᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠭᠠᠳᠠᠨ᠎ᠠ ᠪᠠᠶᠢᠭ᠎ᠠ ᠰᠢᠯᠢᠳᠡᠭ ᠴᠢᠳᠠᠪᠤᠷᠢᠲᠠᠨ ᠢ ᠮᠡᠷᠭᠡᠵᠢᠯ᠂ ᠪᠡᠯᠡ ᠮᠥᠩᠭᠦ᠂ ᠲᠥᠷᠥᠯ ᠵᠦᠢᠯ ᠢᠶᠠᠨ ᠳᠠᠭᠠᠭᠤᠯᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠨ ᠠᠵᠢᠯ ᠣᠯᠬᠤ ᠶᠢ ᠬᠥᠲᠥᠯᠥᠨ ᠵᠢᠯᠣᠭᠤᠳᠪᠠ᠃ ︽ᠵᠠᠷᠤᠳ ᠬᠤᠰᠢᠭᠤ ᠨᠤᠲᠤᠭ ᠲᠠᠢ ᠴᠢᠳᠠᠪᠤᠷᠢᠲᠠᠨ ᠤ ᠨᠤᠲᠤᠭ ᠲᠠᠭᠠᠨ ᠪᠤᠴᠠᠵᠤ ᠦᠨᠳᠦᠰᠦᠨ ᠱᠠᠲᠤᠨ ᠤ ᠬᠥᠭᠵᠢᠯᠲᠡ ᠶᠢ ᠳᠡᠮᠵᠢᠬᠦ ᠰᠠᠨᠠᠭᠠᠴᠢᠯᠠᠭ᠎ᠠ ᠶᠢᠨ ᠪᠢᠴᠢᠭ︾ ᠢ ᠥᠷᠭᠡᠨ ᠢᠶᠠᠷ ᠨᠡᠶᠢᠲᠡᠯᠡᠵᠦ᠂ 200 ᠭᠠᠷᠤᠢ ᠵᠠᠯᠠᠭᠤ ᠴᠢᠳᠠᠪᠤᠷᠢᠲᠠᠨ ᠨᠤᠲᠤᠭ ᠲᠠᠭᠠᠨ ᠪᠤᠴᠠᠵᠤ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠪᠠᠷ ᠨᠡᠷ᠎ᠡ ᠮᠡᠳᠡᠭᠦᠯᠪᠡ ᠃ ᠳᠡᠭᠡᠳᠦ ᠲᠠᠰ ᠤᠨ ᠴᠢᠳᠠᠪᠤᠷᠢᠲᠠᠨ᠂ ᠰᠢᠨᠵᠢᠯᠡᠭᠡ ᠮᠡᠷᠭᠡᠵᠢᠯ ᠤᠨ ᠮᠠᠩᠯᠠᠶᠢᠯᠠᠭᠴᠢ᠂ ᠡᠷᠳᠡᠮ ᠰᠢᠨᠵᠢᠯᠡᠭᠡᠨ ᠤ ᠬᠤᠰᠢᠭᠤᠴᠢᠯᠠᠭᠴᠢ ᠶᠢᠨ ︽ᠡᠷᠪᠡᠬᠡᠢ ᠨᠦᠯᠦᠭᠡᠯᠡᠯ︾ ᠢ ᠭᠦᠢᠴᠡᠳ ᠪᠠᠳᠠᠷᠠᠭᠤᠯᠵᠤ᠂ ᠴᠢᠳᠠᠪᠤᠷᠢᠲᠠᠨ ᠢ ᠬᠤᠰᠢᠭᠤᠨ ᠳᠠᠭᠠᠨ ᠪᠣᠴᠠᠬᠤ ᠶᠢ ᠲᠠᠰᠤᠷᠠᠯᠲᠠ ᠦᠭᠡᠢ ᠲᠠᠲᠠᠵᠤ᠂ ᠯᠢᠦ ᠰᠢᠩ ᠶᠣᠣ᠂ ᠸᠠᠩ ᠭᠠᠩ ᠵᠡᠷᠭᠡ ᠳᠡᠭᠡᠳᠦ ᠲᠠᠰ ᠤᠨ ᠴᠢᠳᠠᠪᠤᠷᠢᠲᠠᠨ ᠤ ᠲᠠᠨᠢᠯᠴᠠᠭᠤᠯᠭ᠎ᠠ ᠳᠣᠣᠷ᠎ᠠ᠂ 100 ᠭᠠᠷᠤᠢ ᠮᠡᠷᠭᠡᠵᠢᠯ ᠤᠨ ᠴᠢᠳᠠᠪᠤᠷᠢᠲᠠᠨ ᠢᠶᠠᠷ ᠪᠦᠷᠢᠯᠳᠦᠭᠰᠡᠨ ᠨᠡᠭᠦᠷᠡᠰᠦ ᠴᠠᠬᠢᠯᠭᠠᠨ ᠬᠥᠩᠭᠡᠨ ᠴᠠᠭᠠᠨ ᠤ ᠲᠤᠰᠬᠠᠢ ᠮᠡᠷᠭᠡᠵᠢᠯ ᠤᠨ ᠪᠦᠯᠬᠦᠮ ᠲᠠᠢ ᠪᠣᠯᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠢᠨᠵᠢᠯᠡᠭᠡ ᠮᠡᠷᠭᠡᠵᠢᠯ ᠤᠨ ᠬᠦᠷᠢᠶᠡᠨ ᠳᠠᠬᠢ ᠲᠤᠰᠬᠠᠢ ᠠᠰᠢᠭ ᠤᠨ ᠲᠠᠯ᠎ᠠ ᠪᠠᠷ ᠴᠢᠬᠤᠯᠠ ᠰᠢᠪᠲᠤᠯᠤᠯᠲᠠ ᠲᠠᠢ ᠪᠣᠯᠪᠠ᠃     ᠨᠠᠷᠢᠯᠢᠭ ᠲᠥᠷᠥᠯ ᠬᠤᠪᠢᠶᠠᠵᠤ᠂ ᠴᠢᠳᠠᠪᠤᠷᠢᠲᠠᠨ ᠬᠥᠮᠥᠵᠢᠭᠦᠯᠬᠦ ︽ᠵᠥᠭᠡᠯᠡᠨ ᠪᠣᠳᠠᠲᠤ ᠬᠦᠴᠦᠨ︾ ᠢᠶᠠᠨ ᠳᠡᠭᠡᠭᠰᠢᠯᠡᠭᠦᠯᠪᠡ᠃ ᠣᠨᠣᠴᠠᠲᠠᠢ ᠬᠦᠮᠦᠵᠢᠭᠦᠯᠬᠦ ᠪᠠᠷ ᠰᠠᠭᠤᠷᠢᠯᠠᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠬᠤᠯᠠᠴᠢᠯᠠᠪᠠ᠃ ᠤᠷ᠎ᠠ ᠴᠢᠳᠠᠪᠤᠷᠢ ᠲᠠᠢ ᠴᠢᠳᠠᠪᠤᠷᠢᠲᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠭ᠎ᠠ ᠪᠠᠨ ᠥᠷᠭᠡᠵᠢᠭᠦᠯᠬᠦ ᠶᠢ ᠪᠠᠷᠢᠮᠲᠠᠯᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠷᠠᠭᠤᠯᠵᠤ ᠂ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ᠂ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ ᠨᠢᠭᠡ ᠪᠦᠯᠦᠭ ᠡᠯ᠎ᠡ ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠲᠠᠢ ᠬᠦᠮᠦᠰ ᠢ ᠢᠳᠡᠪᠬᠢᠲᠡᠢ ᠪᠠᠷ ᠬᠥᠮᠥᠵᠢᠭᠦᠯᠵᠦ᠂ ᠣᠲᠣ ᠨᠢᠭᠡᠨᠲᠡ 1000 ᠭᠠᠷᠤᠢ ᠡᠯ᠎ᠡ ᠲᠥᠷᠥᠯ ᠤᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠦᠨ ᠨᠥᠭᠡᠴᠡᠯᠡᠵᠦ᠂ ᠡᠭᠦᠨ ᠳᠤ  ᠳᠡᠭᠡᠳᠦ ᠤᠷ᠎ᠠ ᠮᠡᠷᠭᠡᠵᠢᠯ ᠲᠠᠢ ᠴᠢᠳᠠᠪᠤᠷᠢᠲᠠᠨ 200 ᠭᠠᠷᠤᠢ ᠪᠣᠢ᠃ ᠵᠠᠯᠠᠭᠤ ᠴᠢᠳᠠᠪᠤᠷᠢᠲᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠯᠠᠭᠤ ᠴᠢᠳᠠᠪᠤᠷᠢᠲᠠᠨ ᠢ ᠬᠥᠮᠥᠵᠢᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠵᠠᠯᠠᠭᠤ ᠴᠢᠳᠠᠪᠤᠷᠢᠲᠠᠨ ᠤ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠲᠣ ᠨᠢᠭᠡᠨᠲᠡ 35 ᠨᠠᠰᠤᠨ  ᠠᠴᠠ ᠳᠣᠷᠣᠭᠰᠢᠬᠢ ᠵᠠᠯᠠᠭᠤ ᠣᠷᠣᠶᠢᠯᠠᠭᠰᠠᠨ ᠴᠢᠳᠠᠪᠤᠷᠢᠲᠠᠨ 200᠂ ᠬᠥᠳᠡᠭᠡ ᠲᠣᠰᠬᠤᠨ ᠤ ᠵᠠᠯᠠᠭᠤ ᠣᠷᠣᠶᠢᠯᠠᠭᠰᠠᠨ ᠴᠢᠳᠠᠪᠤᠷᠢᠲᠠᠨ ᠢ 100 ᠬᠦᠮᠦᠵᠢᠭᠦᠯᠪᠡ᠃ ᠣᠷᠣᠨ ᠨᠤᠲᠤᠭ ᠤᠨ ᠴᠢᠳᠠᠪᠤᠷᠢᠲᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠨᠤᠲᠤᠭ ᠤᠨ ᠴᠢᠳᠠᠪᠤᠷᠢᠲᠠᠨ ᠢ ᠪᠥᠬᠦ ᠬᠡᠯᠬᠢᠶ᠎ᠡ ᠪᠠᠷ ᠬᠥᠮᠥᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠂ ᠪᠠᠶᠠᠨᠲᠠᠯ᠎ᠠ ᠰᠤᠮᠤ᠂ ᠵᠢᠷᠦᠬᠡ ᠪᠠᠯᠭᠠᠰᠤ ᠵᠡᠷᠭᠡ ᠭᠠᠵᠠᠷ ᠲᠤ ᠣᠷᠣᠨ ᠨᠤᠲᠤᠭ ᠤᠨ ᠴᠢᠳᠠᠪᠤᠷᠢᠲᠠᠨ ᠢ ᠬᠥᠮᠥᠵᠢᠭᠦᠯᠬᠦ ᠲᠥᠪ 18᠂ ᠵᠢᠱᠢᠶ᠎ᠡ ᠦᠵᠡᠭᠦᠯᠬᠦ ᠰᠠᠭᠤᠷᠢᠨ ᠭᠠᠵᠠᠷ 33 ᠪᠠᠶᠢᠭᠤᠯᠵᠤ᠂ 46 ᠬᠤᠭᠤᠴᠠᠭᠠᠨ  ᠤ 4190 ᠬᠦᠮᠦᠰ ᠲᠦ‌ᠣᠷᠣᠨ ᠨᠤᠲᠤᠭ ᠤᠨ ᠴᠢᠳᠠᠪᠤᠷᠢᠲᠠᠨ ᠤ ᠪᠣᠯᠪᠠᠰᠤᠷᠠᠭᠤᠯᠤᠯ ᠬᠢᠪᠡ᠃ ᠡᠭᠦᠨ ᠤ ᠬᠠᠮᠲᠤ᠂ ᠬᠤᠷᠴᠢᠨ ᠤᠷᠠᠯᠢᠭ ᠤᠨ ᠳᠡᠭᠡᠳᠦ ᠰᠤᠷᠭᠠᠭᠤᠯᠢ ᠪᠠ ᠲᠦᠩᠯᠢᠶᠣᠣ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠠᠢ ᠢᠳᠡᠪᠬᠢᠲᠡᠢ ᠬᠠᠮᠲᠤᠷᠠᠯᠴᠠᠵᠤ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠪᠠᠶᠢᠭᠤᠯᠤᠨ ᠬᠡᠷᠡᠭᠵᠢᠭᠦᠯᠵᠦ᠂ 187 ᠬᠥᠳᠡᠭᠡ ᠲᠣᠰᠬᠤᠨ ᠤ ᠵᠠᠰᠠᠯᠲᠠ ᠶᠢᠨ ᠴᠢᠳᠠᠪᠤᠷᠢᠲᠠᠨ ᠢ ᠬᠥᠮᠥᠵᠢᠭᠦᠯᠦᠨ᠂ ᠲᠤᠰᠬᠠᠢ ᠮᠡᠷᠭᠡᠵᠢᠯ ᠤᠨ ᠳᠠᠯᠳᠠ ᠬᠦᠴᠦᠨ ᠢᠶᠠᠷ ᠴᠢᠩᠭ᠎ᠠ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢᠶᠠᠷ ᠲᠡᠭᠦᠯᠳᠡᠷ᠂ ᠦᠰᠦᠨ ᠪᠣᠶᠢᠵᠢᠬᠤ ᠣᠷᠣᠨ ᠵᠠᠢ ᠪᠠᠷ ᠰᠢᠯᠢᠳᠡᠭ ᠴᠢᠳᠠᠪᠤᠷᠢᠲᠠᠨ ᠤ ᠡᠩᠨᠡᠭᠡ ᠶᠢ ᠬᠦᠴᠦᠯᠡᠨ ᠪᠣᠶ ᠪᠣᠯᠭᠠᠪᠠ᠃     ᠨᠠᠷᠢᠨ ᠨᠢᠮᠪᠠᠢ ᠦᠢᠯᠡᠴᠢᠯᠡᠵᠦ᠂ ᠴᠢᠳᠠᠪᠤᠷᠢᠲᠠᠨ ᠢ ᠦᠯᠡᠳᠡᠭᠡᠬᠦ ︽ᠰᠡᠳᠬᠢᠯ ᠢ ᠣᠯᠬᠤ ᠫᠠᠶᠢᠰᠠ︾ ᠶᠢ ᠭᠢᠯᠠᠶᠢᠲᠠᠯ᠎ᠠ ᠠᠷᠴᠢᠪᠠ᠃ ᠴᠢᠳᠠᠪᠤᠷᠢᠲᠠᠨ ᠢ ᠦᠯᠡᠳᠡᠭᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠨᠠᠮ ᠤᠨ ᠬᠤᠷᠢᠶ᠎ᠠ ᠠᠴᠠ ᠲᠤᠰᠬᠠᠢ ᠮᠡᠷᠭᠡᠵᠢᠯᠲᠡᠨ ᠲᠠᠢ ᠬᠠᠷᠢᠯᠴᠠᠬᠤ ᠪᠠ ᠦᠢᠯᠡᠴᠢᠯᠡᠬᠦ ᠠᠵᠢᠯ ᠢ ᠲᠡᠰ ᠬᠤᠪᠢᠶᠠᠨ ᠲᠦᠷᠦᠯ ᠬᠤᠪᠢᠶᠠᠨ ᠥᠷᠨᠢᠭᠦᠯᠬᠦ ᠶᠢ ᠪᠠᠷᠢᠮᠲᠠᠯᠠᠵᠤ᠂ ᠭᠠᠵᠠᠷ ᠤᠨ ᠲᠡᠰ ᠤᠨ ᠤᠳᠤᠷᠢᠳᠤᠯᠭ᠎ᠠ 8 ᠰᠢᠯᠢᠳᠡᠭ ᠴᠢᠳᠠᠪᠤᠷᠢᠲᠠᠨ ᠢ ᠭᠤᠣᠯᠳᠠᠯᠭ᠎ᠠ ᠲᠠᠢ ᠪᠠᠷ ᠰᠤᠷᠪᠤᠯᠵᠢᠯᠠᠨ ᠲᠣᠬᠤᠨᠢᠭᠤᠯᠵᠤ᠂ 1.6 ᠲᠦᠮᠡᠨ ᠲᠥᠭᠦᠷᠢᠭ ᠲᠣᠬᠤᠨᠢᠭᠤᠯᠬᠤ ᠮᠥᠩᠭᠦ ᠲᠠᠷᠬᠠᠭᠠᠪᠠ᠃ ᠴᠢᠳᠠᠪᠤᠷᠢᠲᠠᠨ ᠢ ᠣᠷᠢᠬᠤ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠵᠦ᠂ ᠦᠢᠯᠡᠴᠢᠯᠡᠭᠡᠨ ᠤ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ᠂ ᠰᠢᠯᠢᠳᠡᠭ ᠴᠢᠳᠠᠪᠤᠷᠢᠲᠠᠨ ᠢ ᠣᠷᠢᠬᠤ ᠳᠤ ︽ᠨᠣᠭᠤᠭᠠᠨ ᠺᠡᠷᠲ︾ ᠶᠢᠨ ᠳᠦᠷᠢᠮ ᠢ ᠰᠦᠪᠡᠭᠴᠢᠯᠡᠨ ᠪᠠᠶᠢᠭᠤᠯᠵᠤ᠂ ᠴᠢᠳᠠᠪᠤᠷᠢᠲᠠᠨ ᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠠᠷᠭ᠎ᠠ ᠵᠠᠮ ᠢ ᠰᠢᠯᠤᠭᠤᠳᠬᠠᠵᠤ᠂ ᠳᠡᠭᠡᠳᠦ ᠲᠡᠰ ᠤᠨ ᠴᠢᠳᠠᠪᠤᠷᠢᠲᠠᠨ ᠤ  ᠳᠤᠮᠳᠠ ᠠᠴᠠ ᠨᠠᠮ ᠤᠨ ᠭᠡᠰᠢᠭᠦᠨ ᠡᠯᠰᠡᠬᠦ ᠪᠠᠷ ᠭᠤᠣᠯᠳᠠᠭᠤᠯᠵᠤ᠂ ᠨᠡᠩ ᠲᠡᠷᠢᠭᠦᠨ ᠳᠤ ᠰᠢᠯᠢᠳᠡᠭ ᠴᠢᠳᠠᠪᠤᠷᠢᠲᠠᠨ ᠢ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠰᠣᠩᠭᠤᠭᠤᠯᠢ ᠳᠤ ᠣᠷᠣᠭᠤᠯᠬᠤ ᠪᠠᠷ ᠲᠠᠨᠢᠯᠴᠠᠭᠤᠯᠪᠠ᠃ ᠡᠯ᠎ᠡ ᠲᠥᠷᠥᠯ ᠤᠨ ᠴᠢᠳᠠᠪᠤᠷᠢᠲᠠᠨ ᠤ ᠠᠳᠠᠯ ᠦᠢᠯᠡᠰ ᠴᠣᠭᠴᠠᠯᠠᠬᠤ ᠨᠥᠬᠦᠪᠦᠷᠢ᠂ ᠨᠡᠪᠴᠢᠭᠦᠯᠬᠦ ᠲᠣᠭᠲᠠᠴᠠ ᠵᠡᠷᠭᠡ ᠲᠠᠯ᠎ᠠ ᠪᠠᠷ ᠳᠡᠮᠵᠢᠯᠭᠡ ᠦᠵᠡᠭᠦᠯᠬᠦ ᠶᠢ ᠭᠦᠢᠴᠡᠳ ᠪᠠᠲᠤᠯᠠᠵᠤ᠂ ᠨᠡᠩ ᠲᠢᠷᠢᠭᠦᠨ ᠳᠤ ᠭᠠᠵᠠᠷ ᠰᠢᠷᠣᠢ᠂ ᠭᠠᠶᠢᠯᠢ ᠲᠠᠲᠠᠪᠤᠷᠢ ᠵᠡᠷᠭᠡ ᠲᠠᠯ᠎ᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠪᠡ᠃ ︽ᠴᠢᠳᠠᠪᠤᠷᠢᠲᠠᠨ ᠳᠤ ᠦᠢᠯᠡᠴᠢᠯᠡᠬᠦ ᠲᠤᠰᠬᠠᠢ ᠲᠤᠰᠢᠶᠠᠯᠲᠠᠨ︾᠂ ︽ᠴᠢᠳᠠᠪᠤᠷᠢᠲᠠᠨ ᠤ  ᠴᠣᠩᠬᠤᠪᠴᠢ︾ ᠭᠠᠷᠭᠠᠵᠤ᠂ ᠠᠵᠤ ᠦᠢᠯᠡᠳᠪᠦᠷᠢ ᠬᠤᠳᠠᠯᠳᠤᠭᠠᠨ ᠭᠠᠶᠢᠯᠢ ᠶᠢᠨ ᠶᠠᠪᠤᠳᠠᠯ ᠤᠨ ᠳᠠᠩᠰᠠᠯᠠᠯᠲᠠ᠂ ᠡᠭᠦᠳᠦᠯᠲᠡ ᠶᠢᠨ ᠲᠤᠰᠬᠠᠢ ᠠᠰᠢᠭ ᠭᠤᠶᠣᠴᠢᠯᠠᠬᠤ ᠵᠡᠷᠭᠡ ᠲᠠᠯ᠎ᠠ ᠪᠠᠷ ᠴᠢᠳᠠᠪᠤᠷᠢᠲᠠᠨ ᠳᠤ ︽  ᠨᠢᠭᠡ ᠱᠣᠭᠤᠮ︾ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ ᠬᠠᠩᠭᠠᠪᠠ᠃ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠦᠷᠢᠶᠡᠰᠦᠯᠡᠬᠦ ᠬᠤᠳᠠᠯᠳᠤᠨ ᠠᠪᠬᠤ ᠨᠥᠬᠦᠪᠦᠷᠢᠯᠡᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠬᠡᠷᠡᠭᠯᠡᠨ᠂ ᠴᠢᠳᠠᠪᠤᠷᠢᠲᠠᠨ ᠢ ᠬᠠᠪᠰᠤᠷᠤᠨ ᠣᠷᠣᠨ ᠰᠠᠭᠤᠴᠠ ᠡᠷᠦᠬᠡ ᠠᠮᠠ ᠣᠷᠣᠭᠤᠯᠬᠤ᠂ ᠨᠦᠬᠦᠷ  ᠠᠪᠠᠭᠠᠢ ᠶᠢ ᠨᠢ ᠲᠥᠪᠬᠢᠨᠡᠭᠦᠯᠬᠦ᠂ ᠦᠷ᠎ᠡ ᠬᠡᠦᠬᠡᠳ ᠢ ᠨᠢ ᠰᠤᠷᠭᠠᠭᠤᠯᠢ ᠳᠤ ᠣᠷᠣᠭᠤᠯᠬᠤ᠂ ᠡᠮᠴᠢᠯᠡᠭᠡ ᠡᠷᠡᠭᠦᠯᠵᠢᠯ ᠵᠡᠷᠭᠡ ᠠᠰᠠᠭᠤᠳᠠᠯ ᠢ ᠰᠢᠢᠳᠪᠦᠷᠢᠯᠡᠵᠦ᠂ ᠡᠯ᠎ᠡ ᠲᠥᠷᠥᠯ ᠤᠨ ᠴᠢᠳᠠᠪᠤᠷᠢᠲᠠᠨ ᠤ ᠠᠳᠠᠯ ᠦᠢᠯᠡᠰ ᠴᠣᠭᠴᠠᠯᠠᠬᠤ ᠳᠤ ᠠᠵᠠ ᠲᠣᠬᠢᠶᠠᠯ ᠲᠠᠢ᠂ ᠬᠦᠭᠵᠢᠬᠦ ᠳᠤ ᠲᠠᠪᠴᠠᠩ ᠲᠠᠢ᠂ ᠠᠵᠢᠯ ᠦᠢᠯᠡᠰ ᠠᠮᠵᠢᠯᠲᠠ ᠲᠠᠢ᠂ ᠠᠮᠢᠳᠤᠷᠠᠯ ᠪᠠᠲᠤᠯᠠᠭ᠎ᠠ ᠲᠠᠢ ᠪᠠᠶᠢᠬᠤ ᠶᠢ ᠦᠨᠡᠨᠬᠦ ᠪᠠᠲᠣᠯᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号